ᠡᠯ᠎ᠡ ᠠᠶᠢᠮᠠᠭ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠥᠪᠥᠷ ᠮᠣᠩᠭᠤᠯ ᠤᠨ ᠣᠶ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ᠂ ᠲᠣᠪᠴᠢᠶ᠎ᠠᠶᠢᠨ ᠪᠠᠶᠢᠭᠤᠯᠭ᠎ᠠ ᠶᠢᠨ ᠡᠯ᠎ᠡ ᠭᠠᠵᠠᠷ᠂ | ᠲᠣᠪᠴᠢᠶ᠎ᠠ ᠶᠢᠨ ᠬᠠᠷᠢᠶ᠎ᠠ ᠡᠯ᠎ᠡ ᠨᠢᠭᠡᠴᠢ ᠳᠤ᠄ | ᠪᠦᠬᠦ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ | ᠵᠢᠷᠤᠮᠵᠢᠭᠤᠯᠬᠤ ᠶᠢᠨ ᠲᠤᠰᠠᠳᠠ᠂ ᠡᠯ᠎ᠡ ᠱᠠᠲᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠷᠢᠴᠠᠩᠭᠤᠶ ᠬᠥᠮᠦᠨ ᠤ | ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠬᠤ ᠬᠡᠷᠡᠭᠲᠡᠶ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠬᠡᠯ ᠤᠨ | ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾ ︽ᠣᠶ | ᠰᠢᠭᠤᠶ ᠶᠢᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠭᠦᠬᠦ ᠳᠤ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠳ ᠤᠨ ᠲᠤᠬᠠᠶ ᠠᠷᠠᠳ ᠤᠨ ᠳᠡᠭᠡᠳᠦ | ᠰᠢᠭᠦᠬᠦ ᠬᠤᠷᠢᠶᠠᠨ ᠤ ᠲᠠᠶᠢᠯᠪᠤᠷᠢᠯᠠᠯᠲᠠ︾ ︽ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠢᠳᠪᠦᠷᠢᠯᠡᠬᠦ ᠳᠤ ᠬᠠᠤᠯᠢ | ᠴᠠᠭᠠᠵᠠ ᠶᠢ ᠬᠡᠷᠡᠭᠯᠡᠬᠦ ᠠᠰᠠᠭᠤᠳᠠᠯ ᠤᠳ ᠤᠨ ᠲᠤᠬᠠᠶ ᠠᠷᠠᠳ ᠤᠨ ᠳᠡᠭᠡᠳᠦ ᠰᠢᠭᠦᠬᠦ ᠬᠤᠷᠢᠶ᠎ᠠ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠲᠠᠶᠢᠯᠪᠤᠷᠢᠯᠠᠯᠲᠠ︾ | ︽ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠡᠷᠡᠭ ᠤᠨ ᠲᠥᠷᠥᠯ ᠬᠡᠯᠪᠡᠷᠢ ᠶᠢᠨ ᠲᠣᠭᠲᠠᠭᠠᠯ︾ ᠵᠡᠷᠭᠡ ᠬᠠᠤᠯᠢ ᠴᠠᠭᠠᠵᠠ ᠶᠢ ᠦᠨᠳᠦᠰᠦᠯᠡᠨ᠂ | ᠬᠠᠤᠯᠢ ᠲᠦᠷᠢᠮ᠂ ᠲᠦᠷᠢᠮ ᠲᠣᠭᠲᠠᠭᠠᠯ ᠵᠢᠴᠢ ᠬᠠᠤᠯᠢ ᠪᠠᠷᠢᠬᠤ ᠲᠠᠶᠢᠯᠪᠤᠷᠢᠯᠠᠯᠲᠠ᠂ ᠥᠪᠡᠷᠲᠡᠭᠡᠨ ᠵᠠᠰᠠᠬᠤ ᠣᠷᠣᠨ ᠤ ᠣᠶ ᠰᠢᠭᠤ᠋ ᠨᠤᠲᠤᠭ ᠪᠡᠯᠴᠢᠭᠡᠷ ᠤᠨ | ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠮᠠᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠲᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ | ᠪᠠᠷᠢᠮᠵᠢᠶ᠎ᠠ︾ ᠶᠢ ᠲᠣᠭᠲᠠᠭᠠᠪᠠ᠂ 2024 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2021 ᠣᠨ ᠤ 12 ᠰᠠᠷ᠎ᠠ ᠶᠢᠨ 23 ᠤ | ᠡᠳᠦᠷ ᠳᠠᠷᠤᠮᠠᠯᠯᠠᠨ ᠶᠠᠪᠤᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠪᠠᠷᠢᠮᠵᠢᠶ᠎ᠠ︾ ᠶᠢ ᠲᠣᠰ ︽ᠲᠦᠷᠢᠮ︾ ᠪᠠ ︽ᠰᠠᠭᠤᠷᠢ ᠪᠠᠷᠢᠮᠵᠢᠶ᠎ᠠ︾ ᠶᠢ ᠬᠡᠷᠡᠭᠵᠢᠭᠦᠯᠦᠭᠰᠡᠨ ᠡᠳᠦᠷ ᠠᠴᠠ | ᠡᠬᠢᠯᠡᠨ ᠬᠦᠴᠦᠨ ᠥᠬᠡᠶ ᠪᠣᠯᠭᠠᠨ᠎ᠠ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | 2024 ᠣᠨ ᠤ 11 ᠰᠠᠷ᠎ᠠ ᠶᠢᠨ 21 ᠤ ᠡᠳᠦᠷ | |