︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠣᠯᠠᠨ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠥᠷᠥᠯ ᠵᠦᠢᠯ ᠢ ᠮᠡᠳᠡᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠰᠤᠷᠭᠠᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠭᠠᠳᠠᠭᠠᠳᠤ ᠪᠢᠴᠢᠭ ﹇2024﹈ 210 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠭᠤᠯᠢ ᠠᠴᠠ ᠲᠠᠨᠢᠯᠴᠠᠭᠤᠯᠬᠤ᠂ | ᠬᠡᠯᠪᠡᠷᠢ ᠶᠢ ᠬᠢᠨᠠᠨ ᠪᠠᠶᠢᠴᠠᠭᠠᠬᠤ᠂ ᠲᠤᠰᠬᠠᠢ ᠮᠡᠷᠭᠡᠵᠢᠯᠲᠡᠨ ᠬᠢᠨᠠᠨ ᠲᠣᠭᠲᠠᠭᠠᠬᠤ ᠵᠡᠷᠭᠡ ᠳᠡᠰ ᠳᠠᠷᠠᠭᠠᠯᠠᠯ ᠢᠶᠠᠷ ᠳᠠᠮᠵᠢᠨ᠂ ᠡᠳᠦᠭᠡ ᠬᠢᠨᠠᠨ ᠲᠣᠭᠲᠠᠭᠠᠭᠰᠠᠨ ᠦᠷ᠎ᠡ | ᠳ᠋ᠦᠩ ᠢ ᠢᠯᠡ ᠨᠡᠶᠢᠲᠡᠯᠡᠪᠡ᠃ | ᠢᠯᠡ ᠨᠡᠶᠢᠲᠡᠯᠡᠬᠦ ᠬᠤᠭᠤᠴᠠᠭ᠎ᠠ | 2024 ᠣᠨ ᠤ 11 ᠰᠠᠷ᠎ᠠ ᠶᠢᠨ 11-11 ᠰᠠᠷ᠎ᠠ ᠶᠢᠨ 15 ᠤ ᠡᠳᠦᠷ᠂ ᠢᠯᠡ ᠨᠡᠶᠢᠲᠡᠯᠡᠬᠦ ᠬᠤᠭᠤᠴᠠᠭᠠᠨ ᠳᠤ᠂ ᠬᠡᠷᠪᠡ ᠰᠠᠨᠠᠯ ᠲᠠᠢ ᠪᠣᠯ᠂ ᠨᠢᠭᠡᠴᠢ ᠪᠠ | ᠬᠤᠪᠢ ᠬᠥᠮᠦᠨ ᠵᠠᠬᠢᠳᠠᠯ ᠢᠷᠡᠭᠦᠯᠬᠦ᠂ ᠤᠲᠠᠰᠤ ᠠᠪᠬᠤ ᠵᠡᠷᠭᠡ ᠬᠡᠯᠪᠡᠷᠢ ᠪᠠᠷ ᠳᠠᠮᠵᠢᠭᠤᠯᠤᠨ ᠢᠯᠡ ᠨᠡᠶᠢᠲᠡᠯᠡᠬᠦ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠠ | ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠳᠤ ᠳᠥᠭᠦᠮ ᠤᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ | ᠪᠦᠬᠦᠢ ᠰᠦᠪᠡᠭᠴᠢ ᠬᠠᠩᠭᠠᠬᠤ ᠪᠤᠶᠤ ᠲᠤᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠠ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ | ᠵᠠᠩᠭᠢ ᠶᠢ ᠬᠠᠩᠭᠠᠵᠤ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ | ᠪᠠᠶᠢᠴᠠᠭᠠᠭᠰᠠᠨ ᠪᠠᠶᠢᠳᠠᠯ ᠢ ᠴᠠᠭ ᠲᠤᠬᠠᠢ ᠳᠤ ᠨᠢ ᠬᠠᠷᠢᠭᠤ ᠪᠤᠴᠠᠭᠠᠨ᠎ᠠ᠃ | ᠬᠠᠷᠢᠯᠴᠠᠬᠤ ᠤᠲᠠᠰᠤ᠄ 0471 - 2856326᠃ | ᠢᠮᠧᠯ᠄ zbjszxzq@163.com᠃ | ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ᠃ | | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠠᠮᠲᠤᠷᠠᠯᠴᠠᠭᠠᠨ ᠤ ᠲᠥᠷᠥᠯ ᠵᠦᠢᠯ ᠢ ᠬᠢᠨᠠᠨ ᠳᠣᠭᠲᠠᠭᠠᠭᠰᠠᠨ ᠦᠷ᠎ᠡ ᠳ᠋ᠦᠩ ᠤᠨ ᠲᠤᠬᠠᠢ ᠢᠯᠡ ᠨᠡᠶᠢᠲᠡᠯᠡᠯ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2024 ᠣᠨ ᠤ 11 ᠰᠠᠷ᠎ᠠ ᠶᠢᠨ 11 ᠤ ᠡᠳᠦᠷ | |