ᠥᠪᠥᠷ ᠮᠣᠩᠭᠤᠯ ᠤᠨ ᠡᠯᠧᠺᠳ᠋ᠷᠤᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠣᠷᠣᠭᠤᠯᠤᠨ ᠠᠪᠴᠢᠷᠠᠬᠤ ᠪᠠᠷ ᠪᠠᠶᠢᠭ᠎ᠠ ᠳᠡᠭᠡᠳᠦ ᠳᠡᠰ ᠤᠨ ᠴᠢᠳᠠᠪᠤᠷᠢᠲᠠᠨ ᠢ ᠢᠯᠡ ᠨᠡᠶᠢᠲᠡᠯᠡᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/12/17
       ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠢᠨᠵᠧᠨᠧᠷᠢᠩ ᠤᠨ ᠲᠥᠷᠥ ᠶᠢᠨ ᠪᠣᠳᠣᠯᠭ᠎ᠠ ᠨᠤᠭᠤᠳ ᠢ ᠬᠡᠷᠡᠭᠵᠢᠭᠦᠯᠬᠦ ᠲᠤᠬᠠᠢ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ﹇2024﹈ 18 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠡᠯᠧᠺᠳ᠋ᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠴᠢᠳᠠᠪᠤᠷᠢᠲᠠᠨ ᠤᠷᠢᠬᠤ ᠠᠯᠪᠠᠨ ᠵᠠᠷᠯᠠᠯ ᠢ ᠨᠡᠶᠢᠲᠡᠯᠡᠬᠦ᠂ ᠨᠡᠷ᠎ᠡ ᠮᠡᠳᠡᠭᠦᠯᠵᠦ ᠬᠢᠨᠠᠨ ᠪᠠᠶᠢᠴᠠᠭᠠᠬᠤ ᠶᠢ ᠵᠣᠬᠢᠶᠠᠨ ᠪᠠᠶᠢᠭᠤᠯᠬᠤ᠂ ᠲᠤᠰᠬᠠᠢ ᠮᠡᠷᠭᠡᠵᠢᠯᠲᠡᠨ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ᠂ ᠪᠠᠶᠢᠴᠠᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠳᠡᠰ ᠳᠠᠷᠠᠭᠠᠯᠠᠯ ᠢᠶᠠᠷ ᠳᠠᠮᠵᠢᠨ᠂ ᠣᠷᠣᠭᠤᠯᠤᠨ ᠠᠪᠴᠢᠷᠠᠬᠤ ᠪᠠᠷ ᠪᠠᠶᠢᠭ᠎ᠠ ᠴᠢᠳᠠᠪᠤᠷᠢᠲᠠᠨ ᠢᠶᠠᠷ 1 ᠬᠥᠮᠦᠨ ᠢ ᠳᠣᠭᠲᠠᠭᠠᠪᠠ᠂ ᠡᠳᠦᠭᠡ ᠣᠷᠣᠭᠤᠯᠤᠨ ᠠᠪᠴᠢᠷᠠᠬᠤ ᠪᠠᠷ ᠪᠠᠶᠢᠭ᠎ᠠ ᠳᠡᠭᠡᠳᠦ ᠳᠡᠰ ᠤᠨ ᠴᠢᠳᠠᠪᠤᠷᠢᠲᠠᠨ ᠵᠢᠴᠢ ᠣᠷᠣᠭᠤᠯᠤᠨ ᠠᠪᠴᠢᠷᠠᠬᠤ ᠪᠠᠷ ᠪᠠᠶᠢᠭ᠎ᠠ ᠨᠢᠭᠡᠴᠢ ᠶᠢ ᠢᠯᠡ ᠨᠡᠶᠢᠲᠡᠯᠡᠪᠡ᠃       ᠨᠢᠭᠡ᠂ ᠢᠯᠡ ᠨᠡᠶᠢᠲᠡᠯᠡᠬᠦ ᠡᠲᠡᠭᠡᠳ       ᠯᠢ ᠯᠢ ᠮᠢᠩ᠂ ᠡᠷᠡᠭᠲᠡᠢ᠂ 1978 ᠣᠨ ᠤ 12 ᠰᠠᠷ᠎ᠠ ᠳᠤ ᠲᠦᠷᠦᠵᠠᠢ᠂ ᠳ᠋ᠣᠺᠲ᠋ᠣᠷᠠᠨᠲ᠂ ᠥᠪᠥᠷ ᠮᠣᠩᠭᠤᠯ ᠤᠨ ᠡᠯᠧᠺᠳ᠋ᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠺᠣᠮᠫᠢᠦ᠋ᠲ᠋ᠧᠷ ᠪᠣᠯᠤᠨ ᠰᠦᠯᠵᠢᠶᠡᠨ ᠤ ᠠᠮᠤᠷ ᠲᠦᠪᠰᠢᠨ ᠤ ᠰᠠᠯᠪᠤᠷᠢ‌‍ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠤ ᠤᠷᠢᠬᠤ ᠪᠠᠷ ᠲᠥᠯᠥᠪᠯᠡᠵᠦ ᠪᠣᠢ᠃       ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ       2024 ᠣᠨ ᠤ 11 ᠰᠠᠷ᠎ᠠ ᠶᠢᠨ 7- 2024 ᠣᠨ ᠤ 11 ᠰᠠᠷ᠎ᠠ ᠶᠢᠨ 13 ᠤ ᠡᠳᠦᠷ       ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ       ᠨᠢᠭᠡᠴᠢ ᠪᠠ ᠬᠤᠪᠢ ᠬᠥᠮᠦᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠂ ᠲᠤᠰᠬᠠᠬᠤ ᠮᠠᠲ᠋ᠧᠷᠢᠶᠠᠯ ᠳᠤ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠴᠢᠬᠤᠯᠠᠲᠠᠢ᠂ ᠬᠤᠪᠢ ᠬᠥᠮᠦᠨ ᠦᠨᠡᠨ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠠᠷᠭ᠎ᠠ ᠮᠠᠶ᠋ᠢᠭ ᠢᠶᠠᠨ ᠬᠠᠩᠭᠠᠬᠤ ᠬᠡᠷᠡᠭᠲᠡᠢ᠃       ᠤᠲᠠᠰᠤ ᠵᠢᠴᠢ ᠢᠮᠧᠯ᠄ 0471 - 2857005︔ nmgjytjsgzc@126.com᠃                              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                              2024 ᠣᠨ ᠤ 11 ᠰᠠᠷ᠎ᠠ ᠶᠢᠨ 7 ᠤ ᠡᠳᠦᠷ
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ