ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ ᠡᠯ᠎ᠡ ᠳᠡᠭᠡᠳᠦ ᠰᠤᠷᠭᠠᠭᠤᠯᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠲᠥᠯᠥᠪᠵᠢᠭᠦᠯᠭᠡ ᠶᠢᠨ ᠲᠥᠷᠦᠯ ᠵᠦᠢᠯ ᠤᠨ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠡᠯ᠎ᠡ ᠠᠶᠢᠮᠠᠭ ᠬᠤᠲᠠ ᠶᠢᠨ ᠰᠤᠷᠭᠠᠭᠤᠯᠢ | ᠲᠠᠨᠢᠯᠴᠠᠭᠤᠯᠬᠤ᠂ ᠲᠤᠰᠬᠠᠢ ᠮᠡᠷᠭᠡᠵᠢᠯᠲᠡᠨ ᠬᠢᠨᠠᠨ ᠳᠣᠭᠲᠠᠭᠠᠬᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ | ᠲᠥᠯᠥᠪᠵᠢᠭᠦᠯᠭᠡ ᠶᠢᠨ ᠤᠳᠤᠷᠢᠳᠬᠤ ᠳᠤᠭᠤᠶᠢᠯᠠᠩ ᠠᠴᠠ ᠬᠢᠨᠠᠨ ᠵᠥᠪᠰᠢᠶᠡᠷᠡᠬᠦ ᠪᠠᠷ ᠳᠠᠮᠵᠢᠨ᠂ ᠡᠳᠦᠭᠡ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠰᠢᠨᠵᠢᠯᠡᠬᠦ ᠤᠬᠠᠭᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ 2024 ᠣᠨ ᠤ ᠲᠥᠷᠦᠯ ᠵᠦᠢᠯ ᠢ ᠬᠢᠨᠠᠨ ᠲᠣᠭᠲᠠᠭᠠᠭᠰᠠᠨ ᠦᠷ᠎ᠡ | ᠳ᠋ᠦᠩ ᠢ ᠢᠯᠡ ᠨᠡᠶᠢᠲᠡᠯᠡᠪᠡ᠃ ᠢᠯᠡ ᠨᠡᠶᠢᠲᠡᠯᠡᠬᠦ ᠴᠠᠭ 2024 ᠣᠨ ᠤ 10 ᠰᠠᠷ᠎ᠠ ᠶᠢᠨ 22- 29 ᠤ ᠡᠳᠦᠷ᠂ ᠢᠯᠡ ᠨᠡᠶᠢᠲᠡᠯᠡᠬᠦ ᠬᠤᠭᠤᠴᠠᠭ᠎ᠠ 5 ᠠᠵᠢᠯᠯᠠᠬᠤ | ᠡᠳᠦᠷ ᠪᠣᠯᠤᠨ᠎ᠠ᠃ ᠢᠯᠡ ᠨᠡᠶᠢᠲᠡᠯᠡᠬᠦ ᠬᠤᠭᠤᠴᠠᠭᠠᠨ ᠳᠤ ᠰᠠᠨᠠᠯ ᠲᠠᠢ ᠪᠣᠯ ᠪᠢᠴᠢᠭ ᠤᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠰᠢᠨᠵᠢᠯᠡᠬᠦ ᠤᠬᠠᠭᠠᠨ ᠤ ᠲᠥᠯᠥᠪᠵᠢᠭᠦᠯᠭᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠰᠢᠨᠵᠢᠯᠡᠬᠦ ᠤᠬᠠᠭᠠᠨ ᠤ ᠰᠤᠳᠤᠯᠭᠠᠨ ᠪᠣᠯᠤᠨ ᠬᠢᠨᠠᠨ ᠪᠠᠶᠢᠴᠠᠭᠠᠵᠤ ᠦᠨᠡᠯᠡᠨ ᠵᠢᠱᠢᠬᠦ ᠬᠦᠷᠢᠶᠡᠯᠡᠩ ᠳᠤ ᠲᠣᠬᠢᠷᠠᠭᠤᠯᠪᠠ︶ ᠲᠤ ᠳᠤᠷᠠᠳᠬᠤ ᠶᠢᠨ ᠬᠠᠮᠲᠤ ᠴᠢᠬᠤᠯᠠ | ᠪᠦᠬᠦᠢ ᠭᠡᠷᠡᠴᠢ ᠪᠠᠷᠢᠮᠲᠠ ᠪᠠᠨ ᠬᠠᠩᠭᠠᠵᠤ᠂ ᠬᠢᠨᠠᠨ ᠪᠠᠶᠢᠴᠠᠭᠠᠬᠤ ᠳᠤ ᠳᠥᠭᠦᠮ ᠦᠵᠡᠭᠦᠯᠬᠦ ᠬᠡᠷᠡᠭᠲᠡᠢ᠃ ᠰᠠᠨᠠᠯ ᠳᠤᠷᠠᠳᠤᠭᠰᠠᠳ ᠡᠷᠬᠡᠪᠰᠢ ᠲᠤᠰ ᠬᠥᠮᠦᠨ ᠤ ᠦᠨᠡᠨ | ᠣᠪᠣᠭ ᠨᠡᠷ᠎ᠡ᠂ ᠠᠵᠢᠯᠯᠠᠵᠤ ᠪᠠᠶᠢᠭ᠎ᠠ ᠨᠢᠭᠡᠴᠢ᠂ ᠬᠠᠷᠢᠯᠴᠠᠬᠤ ᠤᠲᠠᠰᠤ ᠵᠡᠷᠭᠡ ᠬᠦᠴᠦᠨ ᠪᠦᠬᠦᠢ ᠮᠡᠳᠡᠭᠡ ᠵᠠᠩᠭᠢ ᠪᠠᠨ ᠬᠠᠩᠭᠠᠵᠤ ︵ᠮᠠᠨ ᠤ ᠠᠯᠪᠠᠨ ᠭᠡᠷ | ᠨᠢᠭᠤᠴᠠ ᠶᠢ ᠴᠢᠩᠭ᠎ᠠ ᠬᠠᠮᠠᠭᠠᠯᠠᠨ᠎ᠠ︶᠂ ᠨᠡᠷ᠎ᠡ ᠪᠤᠷᠤᠭᠤᠯᠠᠭᠰᠠᠨ᠂ ᠬᠠᠭᠤᠷᠮᠠᠭᠯᠠᠨ ᠵᠣᠬᠢᠶᠠᠭᠰᠠᠨ ᠪᠤᠶᠤ ᠬᠤᠭᠤᠴᠠᠭ᠎ᠠ ᠠᠴᠠ ᠬᠡᠲᠦᠷᠡᠭᠰᠡᠨ ᠰᠠᠨᠠᠯ ᠪᠦᠬᠦᠨ ᠢ | ᠬᠦᠯᠢᠶᠡᠨ ᠠᠪᠴᠤ ᠰᠢᠢᠳᠪᠦᠷᠢᠯᠡᠬᠦ ᠦᠭᠡᠢ᠃ ᠬᠠᠷᠢᠯᠴᠠᠬᠤ ᠤᠲᠠᠰᠤ᠄ 0471 - 2856420 ︵ᠦᠳᠡ ᠶᠢᠨ ᠡᠮᠦᠨ᠎ᠡ 9᠄ 00 - 12᠄ 00᠂ ᠦᠳᠡ ᠶᠢᠨ | ᠬᠤᠶᠢᠨ᠎ᠠ 14᠄ 30 - 17᠄ 30︶ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ᠂ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠲᠥᠯᠥᠪᠵᠢᠭᠦᠯᠭᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠰᠢᠤᠳᠠᠨ ᠨᠣᠮᠧᠷ᠄ | 010011 ᠳᠠᠭᠠᠯᠳᠤᠭᠤᠯᠤᠯ᠄ 1. 2024 ᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠲᠥᠯᠦᠪᠵᠢᠭᠦᠯᠭᠡ ᠶᠢᠨ ᠲᠥᠷᠦᠯ ᠵᠦᠢᠯ ᠢ | ᠳᠣᠭᠲᠠᠭᠠᠭᠰᠠᠨ ᠨᠡᠷᠡᠰ 2. ᠰᠠᠭᠤᠷᠢ ᠰᠤᠷᠭᠠᠨ ᠬᠥᠮᠦᠵᠢᠯ ᠤᠨ ᠵᠢᠭᠠᠬᠤ ᠶᠢ ᠰᠤᠳᠤᠯᠬᠤ ᠲᠤᠰᠬᠠᠢ ᠲᠥᠷᠦᠯ ᠵᠦᠢᠯ ᠢ ᠲᠣᠭᠲᠠᠭᠠᠭᠰᠠᠨ ᠨᠡᠷᠡᠰ 3. ᠪᠡᠭᠡᠵᠢᠩ ᠥᠪᠥᠷ | ᠮᠣᠩᠭᠤᠯ ᠤᠨ ᠬᠠᠮᠵᠢᠯᠴᠠᠭᠠᠨ ᠤ ᠰᠤᠷᠭᠠᠨ ᠬᠥᠮᠦᠵᠢᠯ ᠤᠨ ᠴᠢᠳᠠᠪᠤᠷᠢᠲᠠᠨ ᠤ ︽ᠵᠣᠬᠢᠶᠠᠨ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠲᠡᠳᠬᠦᠬᠦ ᠲᠤᠰᠬᠠᠢ ᠲᠥᠷᠥᠯ | ᠵᠦᠢᠯ ᠢ ᠲᠣᠭᠲᠠᠭᠠᠭᠰᠠᠨ ᠨᠡᠷᠡᠰ | | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠣᠳᠤᠯᠭᠠᠨ ᠤ ᠬᠢᠨᠠᠨ | ᠪᠠᠶᠢᠴᠠᠭᠠᠵᠤ ᠦᠨᠡᠯᠡᠨ ᠵᠢᠱᠢᠬᠦ ᠬᠦᠷᠢᠶᠡᠯᠡᠩ | 2024 ᠣᠨ ᠤ 10 ᠰᠠᠷ᠎ᠠ ᠶᠢᠨ 22 ᠤᠨ ᠡᠳᠦᠷ | |