2024 ᠣᠨ ᠤ 7 ᠰᠠᠷ᠎ᠠ ᠠᠴᠠ 9 ᠰᠠᠷ᠎ᠠ ᠶᠢᠨ ᠬᠤᠭᠤᠷᠣᠨᠳᠤ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠠᠮᠢᠶ᠎ᠠ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ᠂ 736 ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠨᠢᠭᠡᠴᠡ ᠶᠢ ᠬᠢᠨᠠᠨ | ᠪᠠᠶᠢᠴᠠᠭᠠᠵᠤ᠂ 8373 ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 1538 ᠬᠥᠮᠥᠨ ᠤᠳᠠᠭ᠎ᠠ ᠪᠠᠶᠢᠴᠠᠭᠠᠯᠲᠠ ᠬᠢᠪᠡ᠃ ᠪᠠᠶᠢᠴᠠᠭᠠᠬᠤ ᠶᠠᠪᠤᠴᠠ ᠳᠤ | ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠨᠢᠭᠡᠴᠡ ᠳᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠣᠷᠣᠭᠤᠯᠤᠯᠲᠠ ᠶᠢᠨ ᠡᠳ᠋ ᠨᠢ | ᠬᠠᠤᠯᠢ ᠲᠣᠭᠲᠠᠭᠠᠯ ᠢ ᠵᠦᠷᠢᠴᠡᠭᠰᠡᠨ ᠦᠵᠡᠭᠳᠡᠯ ᠣᠷᠣᠰᠢᠵᠤ ᠪᠠᠶᠢᠬᠤ ᠶᠢ ᠣᠯᠵᠤ ᠮᠡᠳᠡᠭᠰᠡᠨ ᠦᠭᠡᠢ᠃ ᠡᠯ᠎ᠡ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ | ᠦᠢᠯᠡᠳᠪᠦᠷᠢᠯᠡᠯ ᠤᠨ ᠨᠢᠭᠡᠴᠡ ᠨᠦᠭᠦᠳ ᠤᠯᠤᠰ ᠠᠴᠠ ᠵᠥᠪᠰᠢᠶᠡᠷᠡᠭᠰᠡᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠮᠠᠯ ᠤᠨ ᠡᠮ᠂ ᠲᠡᠵᠢᠭᠡᠯ | ᠪᠣᠷᠳᠤᠭ᠎ᠠ ᠪᠣᠯᠣᠨ ᠲᠡᠵᠢᠭᠡᠯ ᠪᠣᠷᠳᠣᠭᠠᠨ ᠤ ᠨᠡᠮᠡᠯᠲᠡ ᠡᠳ᠋ ᠢ ᠬᠠᠤᠯᠢ ᠶᠣᠰᠣᠭᠠᠷ ᠬᠡᠷᠡᠭᠯᠡᠵᠦ᠂ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠡᠭᠦᠷᠭᠡᠯᠡᠵᠦ᠂ ᠦᠷ᠎ᠡ ᠵᠢᠷᠠᠭᠠᠬᠠᠢ ᠶᠢ ᠣᠷᠤᠭᠤᠯᠬᠤ᠂ ᠦᠢᠯᠡᠳᠪᠦᠷᠢᠯᠡᠬᠦ᠂ ᠲᠡᠭᠡᠭᠡᠪᠦᠷᠢᠯᠡᠬᠦ ᠵᠢᠴᠢ ᠲᠡᠵᠢᠭᠡᠨ ᠦᠷᠡᠵᠢᠭᠦᠯᠬᠦ ᠡᠯ᠎ᠡ ᠭᠤᠭᠴᠤᠭ᠎ᠠ ᠶᠢᠨ | ᠪᠦᠬᠦ ᠶᠠᠪᠤᠴᠠ ᠶᠢᠨ ᠶᠠᠰᠤ ᠴᠢᠨᠠᠷ ᠤᠨ ᠡᠵᠡᠮᠳᠡᠯ ᠢ ᠨᠠᠶᠢᠳᠠᠪᠤᠷᠢᠵᠢᠭᠤᠯᠬᠤ ᠬᠡᠷᠡᠭᠲᠡᠢ᠃ | | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ | 2024 ᠣᠨ ᠤ 10 ᠰᠠᠷ᠎ᠠ ᠶᠢᠨ 12 ᠤᠨ ᠡᠳᠦᠷ |