ᠪᠡᠶ᠎ᠡ ᠶᠢᠨ ᠲᠠᠮᠢᠷ ᠤᠨ ᠬᠢᠴᠢᠶᠡᠯ ᠨᠢ ᠰᠤᠷᠭᠠᠨ ᠬᠥᠮᠦᠵᠢᠯ ᠤᠨ ᠬᠢᠴᠢᠶᠡᠯ ᠤᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠰᠤᠷᠤᠬᠴᠢᠳ ᠤᠨ ᠪᠡᠶ᠎ᠡ | ᠰᠡᠳᠬᠢᠴᠡ ᠶᠢᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠰᠤᠷᠤᠬᠴᠢᠳ ᠤᠨ ᠪᠡᠶ᠎ᠡ ᠶᠢᠨ ᠲᠠᠮᠢᠷ ᠤᠨ | ᠪᠣᠯᠪᠠᠰᠤᠷᠠᠯ ᠳᠤ ᠣᠷᠤᠯᠴᠠᠬᠤ ᠳᠤᠷ᠎ᠠ ᠰᠣᠨᠢᠷᠬᠠᠯ ᠢ ᠬᠥᠭᠵᠢᠭᠡᠵᠦ᠂ ᠪᠡᠶ᠎ᠡ ᠶᠢᠨ ᠲᠠᠮᠢᠷ ᠤᠨ ᠬᠢᠴᠢᠶᠡᠯ ᠳᠤ ᠪᠠᠶᠠᠷ ᠪᠠᠶᠠᠰᠤᠯ ᠲᠠᠢ᠂ ᠳᠤᠷ᠎ᠠ ᠰᠣᠨᠢᠷᠬᠠᠯ ᠲᠠᠢ ᠪᠠᠶᠢᠬᠤ | ᠪᠠ ᠡᠭᠦᠳᠦᠨ ᠪᠦᠲᠦᠭᠡᠬᠦ ᠴᠢᠳᠠᠪᠤᠷᠢ ᠶᠢᠨ ᠬᠥᠮᠥᠵᠢᠭᠦᠯᠦᠯ ᠢ ᠤᠶᠠᠯᠳᠤᠭᠤᠯᠤᠨ᠂ ᠠᠮᠢᠳᠤᠯᠢᠭ ᠰᠣᠨᠢᠷᠬᠠᠯᠲᠠᠢ ᠵᠢᠭᠠᠨ ᠰᠤᠷᠭᠠᠬᠤ ᠣᠷᠴᠢᠨ ᠠᠬᠤᠢ ᠶᠢ ᠡᠭᠦᠳᠦᠨ | ᠥᠭᠴᠦ᠂ ᠰᠤᠷᠤᠬᠴᠢᠳ ᠢ ᠤᠬᠠᠮᠰᠠᠷ ᠠᠴᠠ ᠪᠠᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠤᠯᠴᠠᠬᠤ ᠳᠠᠳᠬᠠᠯ ᠲᠠᠢ ᠪᠤᠯᠭᠠᠵᠤ ᠪᠡᠶ᠎ᠡ ᠮᠠᠬᠠᠪᠤᠳ ᠢᠶᠠᠨ | ᠴᠢᠭᠢᠷᠠᠭᠵᠢᠭᠤᠯᠬᠤ ᠨᠢ ᠰᠤᠷᠤᠬᠴᠢᠳ ᠲᠤ ᠨᠠᠰᠤᠨ ᠲᠤᠷᠰᠢᠲᠠ ᠠᠰᠢᠭ ᠬᠦᠷᠲᠡᠭᠡᠬᠦ ᠶᠤᠮ᠃ | ᠣᠶᠢᠷ᠎ᠠ ᠶᠢᠨ ᠵᠢᠯ ᠳᠤ᠂ ᠰᠤᠷᠭᠠᠭᠤᠯᠢ ᠳᠡᠪᠰᠢᠬᠤ ᠨᠤᠷᠮ᠎ᠠ ᠶᠢ ᠥᠷᠥᠭᠡᠰᠦᠭᠡᠯ ᠢᠶᠠᠷ ᠬᠥᠭᠡᠭᠡᠴᠡᠯᠳᠦᠵᠦ᠂ ᠡᠯ᠎ᠡ ᠲᠦᠷᠦᠯ ᠤᠨ ᠰᠣᠶᠣᠯᠤᠨ ᠬᠢᠴᠢᠶᠡᠯ ᠤᠨ | ᠵᠢᠭᠠᠨ ᠰᠤᠷᠭᠠᠯᠲᠠ ᠶᠢ ᠭᠡᠲᠦ ᠴᠢᠬᠤᠯᠠᠴᠢᠯᠠᠭᠰᠠᠨ ᠠᠴᠠ ᠪᠡᠶ᠎ᠡ ᠶᠢᠨ ᠲᠠᠮᠢᠷ ᠤᠨ ᠬᠢᠴᠢᠶᠡᠯ ᠢ ᠤᠮᠳᠤᠭᠠᠶᠢᠯᠠᠬᠤ ᠦᠵᠡᠭᠳᠡᠯ ᠭᠠᠷᠴᠤ ᠪᠠᠶᠢᠯ᠎ᠠ᠃ ᠵᠠᠯᠠᠭᠤᠴᠤᠳ | ᠪᠠᠭᠠᠴᠤᠳ ᠥᠰᠦᠯᠲᠡ ᠪᠤᠶᠢᠵᠢᠯᠲᠠ ᠶᠢᠨ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠳᠠᠭ ᠪᠣᠯᠬᠤᠷ ᠭᠦᠢᠴᠡᠳ ᠲᠡᠭᠦᠯᠳᠡᠷ ᠰᠢᠮ᠎ᠡ ᠲᠡᠵᠢᠭᠡᠯ ᠬᠠᠩᠭᠠᠬᠤ ᠶᠢᠨ | ᠵᠡᠷᠭᠡ ᠪᠠᠷ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠴᠢᠩᠭᠠᠳᠬᠠᠬᠤ ᠨᠢ ᠴᠤ ᠮᠠᠰᠢ ᠴᠢᠬᠤᠯᠠ ᠪᠠᠶᠢᠳᠠᠭ᠃ ᠰᠤᠷᠤᠬᠴᠢᠳ ᠰᠤᠷᠭᠠᠭᠤᠯᠢ ᠳᠠᠭᠠᠨ ᠰᠢᠰᠲ᠋ᠧᠮ ᠲᠠᠢ ᠪᠡᠶ᠎ᠡ | ᠮᠠᠬᠠᠪᠤᠳ ᠤᠨ ᠪᠣᠯᠪᠠᠰᠤᠷᠠᠯ ᠬᠢᠬᠦ ᠲᠠᠯ᠎ᠠ ᠪᠠᠷ ᠳᠤᠲᠠᠮᠠᠭ ᠪᠠᠶᠢᠳᠠᠭ ᠪᠣᠯᠬᠤᠷ ᠡᠩ ᠤᠨ ᠦᠶ᠎ᠡ ᠳᠡᠭᠡᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠢᠳᠡᠪᠬᠢᠲᠡᠢ | ᠣᠷᠤᠯᠴᠠᠬᠤ ᠳᠠᠳᠬᠠᠯ ᠲᠠᠢ ᠪᠤᠯᠬᠤ ᠨᠢ ᠮᠠᠰᠢ ᠴᠢᠬᠤᠯᠠ ᠶᠤᠮ᠃ ᠡᠶᠢᠮᠦ ᠠᠴᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠳᠤ ᠤᠷᠠᠨ | ᠮᠡᠷᠭᠡᠰᠢᠯᠳᠦ ᠴᠢᠨᠠᠷ᠂ ᠵᠣᠬᠢᠴᠠᠯᠳᠤ ᠴᠢᠨᠠᠷ ᠪᠠ ᠭᠤᠸ᠎ᠠ ᠰᠠᠶᠢᠬᠠᠨ ᠤ ᠪᠠᠭ᠋ᠠᠳᠤᠯᠲᠤ ᠴᠢᠨᠠᠷ ᠢ ᠤᠶᠠᠯᠳᠤᠭᠤᠯᠤᠨ ᠬᠡᠦᠬᠡᠳ ᠨᠢᠭᠡᠪᠦᠷᠢ ᠳᠤ ᠬᠡᠳᠦᠨ ᠵᠦᠢᠯ ᠤᠨ ᠲᠠᠮᠢᠷ ᠤᠨ | ᠮᠡᠷᠭᠡᠵᠢᠯ ᠡᠵᠡᠮᠰᠢᠭᠦᠯᠬᠦ ᠨᠢ ᠬᠤᠶᠢᠰᠢᠳᠠ ᠪᠡᠶ᠎ᠡ ᠪᠠᠨ ᠳᠠᠭᠠᠭᠠᠵᠤ ᠲᠠᠮᠢᠷ ᠤᠨ ᠬᠥᠳᠡᠯᠭᠡᠭᠡᠨ ᠬᠢᠬᠦ ᠳᠤ ᠰᠠᠭᠤᠷᠢ ᠲᠠᠯᠪᠢᠵᠤ ᠥᠭᠬᠦ ᠨᠢ ᠯᠠᠪᠲᠠᠢ᠃ | ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢ ᠪᠣᠳᠠᠲᠤ ᠦᠷ᠎ᠡ ᠪᠦᠲᠦᠮᠵᠢ ᠲᠠᠢ ᠪᠤᠯᠭᠠᠬᠤ ᠳᠤ ᠰᠤᠷᠤᠬᠴᠢᠳ ᠤᠨ ᠰᠤᠷᠤᠯᠴᠠᠬᠤ ᠤᠷᠮ᠎ᠠ ᠪᠠᠬ᠎ᠠ ᠶᠢ | ᠬᠥᠭᠵᠢᠭᠡᠬᠦ ᠨᠢ ᠨᠡᠩ ᠴᠢᠬᠤᠯᠠ ᠪᠠᠶᠢᠳᠠᠭ᠃ ᠪᠠᠭᠰᠢ ᠶᠢᠨ ︽ᠵᠢᠭᠠᠬᠤ︾ ᠪᠠ ᠰᠣᠷᠣᠬᠴᠢ ᠶᠢᠨ ︽ᠰᠤᠷᠤᠯᠴᠠᠬᠤ︾ ᠶᠢ ᠠᠪᠴᠠᠯᠳᠤᠭᠤᠯᠤᠨ ᠪᠠᠭᠰᠢ | ᠰᠤᠷᠤᠬᠴᠢᠳ ᠤᠨ ᠬᠤᠭᠤᠷᠣᠨᠳᠣᠭᠢ ᠢᠲᠡᠭᠡᠯᠴᠡᠯ ᠪᠣᠯᠣᠨ ᠬᠠᠮᠵᠢᠯᠴᠠᠭ᠎ᠠ ᠶᠢ ᠪᠤᠶ ᠪᠤᠯᠭᠠᠬᠤ ᠰᠢᠨᠵᠢᠯᠡᠬᠦ ᠤᠬᠠᠭᠠᠨᠴᠢ ᠵᠠᠷᠴᠢᠮ ᠶᠣᠰᠣᠭᠠᠷ᠂ ᠠᠯᠬᠤᠮ | ᠲᠠᠷᠠᠭ᠎ᠠ ᠲᠠᠢ ᠪᠠᠷ ᠳᠠᠪᠲᠠᠨ ᠪᠤᠯᠪᠠᠰᠤᠷᠠᠭᠤᠯᠵᠤ ᠰᠤᠷᠤᠬᠴᠢᠳ ᠤᠨ ᠰᠤᠷᠬᠤ ᠢᠳᠡᠪᠬᠢᠵᠢᠯ ᠢ ᠳᠡᠭᠡᠭᠰᠢᠯᠡᠭᠦᠯᠪᠡᠯ ᠵᠣᠬᠢᠨ᠎ᠠ᠃ ᠣᠨᠴᠠᠭᠠᠶᠢᠯᠠᠨ᠂ ᠰᠤᠷᠤᠬᠴᠢᠳ ᠪᠠ | ᠵᠢᠭᠠᠨ ᠰᠤᠷᠭᠠᠬᠤ ᠠᠭᠤᠯᠭ᠎ᠠ ᠶᠢᠨ ᠣᠨᠴᠠᠯᠢᠭ ᠢᠶᠠᠨ ᠦᠨᠳᠦᠰᠦᠯᠡᠨ᠂ ᠵᠢᠭᠠᠨ ᠰᠤᠷᠭᠠᠬᠤ ᠠᠷᠭ᠎ᠠ ᠪᠠᠨ ᠬᠤᠪᠢᠷᠠᠭᠤᠯᠵᠤ᠂ ᠵᠢᠭᠠᠨ ᠰᠤᠷᠭᠠᠬᠤ ᠶᠠᠪᠤᠴᠠ ᠳᠤᠮᠳᠠ ᠪᠠᠨ | ᠰᠤᠷᠤᠬᠴᠢᠳ ᠢ ᠬᠠᠶᠢᠷᠠᠯᠠᠨ ᠬᠠᠯᠠᠮᠵᠢᠯᠠᠵᠤ᠂ ᠨᠠᠷᠢᠨ ᠬᠢᠨᠠᠮᠠᠭᠠᠢ ᠣᠶᠢᠯᠠᠭᠠᠨ᠂ ᠰᠤᠷᠤᠬᠴᠢᠳ ᠤᠨ ᠲᠤᠰ ᠪᠡᠶ᠎ᠡ ᠶᠢᠨ ᠳᠠᠪᠠᠭᠤᠯᠢᠭ ᠲᠠᠯ᠎ᠠ ᠶᠢ ᠴᠢᠳᠠᠮᠠᠭᠠᠢ ᠪᠠᠷ | ᠢᠯᠡᠷᠡᠭᠦᠯᠦᠨ ᠵᠣᠷᠢᠭᠵᠢᠭᠤᠯᠬᠤ ᠨᠢ ᠰᠤᠷᠤᠬᠴᠢᠳ ᠤᠨ ᠰᠤᠷᠤᠯᠴᠠᠬᠤ ᠢᠳᠡᠪᠬᠢᠵᠢᠯ ᠢ ᠨᠡᠩ ᠢᠯᠡᠭᠦᠦ ᠳᠠᠶᠢᠴᠢᠯᠠᠵᠤ ᠳᠡᠶᠢᠯᠳᠡᠭ᠃ ᠴᠢᠨᠠᠭᠰᠢᠯᠠᠨ ᠰᠤᠷᠤᠬᠴᠢᠳ ᠤᠨ | ᠰᠢᠯᠢᠳᠡᠭ ᠬᠢᠷᠢ ᠪᠦᠲᠦᠮᠵᠢ ᠳᠤ᠂ ᠪᠠᠭᠰᠢ ᠠᠴᠠ ᠴᠠᠭ ᠲᠤᠬᠠᠢ ᠳᠤᠨᠢ ᠥᠨᠳᠥᠷ ᠦᠨᠡᠯᠡᠯᠲᠡ ᠬᠢᠵᠦ᠂ ᠲᠡᠳᠡᠨ ᠤ ᠰᠤᠷᠤᠯᠴᠠᠬᠤ ᠶᠠᠪᠤᠴᠠ ᠳᠤ ᠠᠮᠵᠢᠯᠲᠠ | ᠪᠦᠲᠦᠮᠵᠢ ᠶᠢᠨ ᠪᠠᠶᠠᠷ ᠪᠠᠶᠠᠰᠤᠯ ᠢ ᠣᠯᠭᠤᠪᠠᠯ ᠵᠦᠢᠲᠡᠢ᠃ | ᠪᠡᠶ᠎ᠡ ᠶᠢᠨ ᠲᠠᠮᠢᠷ ᠤᠨ ᠬᠢᠴᠢᠶᠡᠯ ᠨᠢ ᠵᠥᠪᠭᠡᠨ ᠰᠤᠷᠤᠬᠴᠢᠳ ᠤᠨ ᠪᠡᠶ᠎ᠡ ᠮᠠᠬᠠᠪᠤᠳ ᠢ ᠳᠠᠪᠲᠠᠨ ᠪᠤᠯᠪᠠᠰᠤᠷᠠᠭᠤᠯᠬᠤ ᠪᠠᠷ ᠪᠠᠷᠠᠬᠤ ᠦᠭᠡᠢ᠂ ᠪᠡᠶ᠎ᠡ | ᠮᠠᠬᠠᠪᠤᠳ ᠤᠨ ᠪᠣᠯᠪᠠᠰᠤᠷᠠᠯ ᠢᠶᠠᠷ ᠳᠠᠮᠵᠢᠨ ᠰᠤᠷᠤᠬᠴᠢᠳ ᠤᠨ ᠦᠯᠦ ᠬᠠᠯᠳᠠᠭᠠᠬᠤ ᠴᠢᠨᠠᠷ᠂ ᠡᠷᠡᠰ ᠬᠠᠲᠠᠭᠤ ᠵᠣᠷᠢᠭ ᠰᠥᠰᠥ ᠵᠡᠷᠭᠡ ᠡᠯ᠎ᠡ ᠵᠦᠢᠯ ᠤᠨ ᠰᠢᠯᠢᠳᠡᠭ | ᠵᠠᠩ ᠴᠢᠨᠠᠷ ᠢ ᠬᠥᠮᠥᠵᠢᠭᠦᠯᠵᠦ᠂ ᠬᠢᠴᠢᠶᠡᠯ ᠤᠨ ᠲᠠᠩᠬᠢᠮ ᠳᠤ ᠰᠤᠷᠤᠬᠴᠢᠳ ᠤᠨ ᠢᠳᠡᠪᠬᠢᠵᠢᠯ ᠢ ᠳᠡᠭᠡᠭᠰᠢᠯᠡᠭᠦᠯᠵᠦ᠂ ᠬᠥᠳᠡᠯᠦᠯ ᠪᠠᠷᠢᠯ ᠲᠦᠷᠭᠡᠨ᠂ ᠤᠶᠠᠨ ᠬᠠᠳᠠᠨ | ᠴᠢᠨᠠᠷ ᠲᠠᠢ᠂ ᠵᠣᠬᠢᠴᠠᠯ ᠲᠠᠢ᠂ ᠬᠤᠷᠴᠠ ᠰᠡᠷᠭᠡᠭ ᠵᠡᠷᠭᠡ ᠨᠥᠬᠦᠴᠡᠯ ᠢ ᠪᠦᠷᠢᠯᠳᠦᠭᠦᠯᠵᠦ᠂ ᠰᠤᠷᠤᠬᠴᠢᠳ ᠤᠨ ᠪᠡᠶ᠎ᠡ ᠮᠠᠬᠠᠪᠤᠳ ᠤᠨ ᠬᠡᠪ ᠴᠢᠨᠠᠷ ᠢ ᠪᠦᠭᠦ ᠲᠠᠯ᠎ᠠ ᠪᠠᠷ | ᠬᠥᠭᠵᠢᠭᠦᠯᠬᠦ ᠳᠤ ᠠᠰᠢᠭᠲᠠᠢ ᠶᠤᠮ᠃ |