11 ᠰᠠᠷ᠎ᠠ ᠶᠢᠨ 25 ᠤ ᠡᠳᠦᠷ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠪᠠ᠃ ᠬᠤᠲᠠᠶᠢᠨ ᠨᠠᠮ ᠤᠨ | ᠬᠤᠷᠢᠶᠠᠨ ᠤ ᠱᠦᠵᠢ ᠸᠠᠩ ᠸᠠᠩ ᠱᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠲᠠ ᠶᠢᠨ ᠳᠠᠷᠤᠭ᠎ᠠ ᠵᠢᠢ ᠶᠦᠩ ᠴᠢᠶᠠᠨ ᠬᠤᠷᠠᠯ ᠡᠷᠭᠢᠯᠡᠵᠦ᠂ ᠬᠤᠲᠠ ᠶᠢᠨ ᠤᠳᠤᠷᠢᠳᠤᠯᠭ᠎ᠠ ᠵᠣᠣ ᠴᠠᠩ ᠴᠢᠩ᠂ ᠰᠢᠨ ᠱᠦ ᠭᠤᠸᠠᠩ ᠨᠠᠷ ᠬᠤᠷᠠᠯ ᠳᠤ | ᠣᠷᠣᠯᠴᠠᠪᠠ᠃ | | | | ᠸᠠᠩ ᠸᠠᠩ ᠱᠧᠩ ᠶᠠᠷᠢᠶᠠᠨ ᠳᠠᠭᠠᠨ ᠥᠩᠭᠡᠷᠡᠭᠰᠡᠨ ᠲᠠᠪᠤᠨ ᠵᠢᠯ ᠤᠨ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠠᠮᠵᠢᠯᠲᠠ ᠶᠢ | ᠭᠦᠢᠴᠡᠳ ᠨᠤᠲᠠᠯᠠᠭᠰᠠᠨ ᠪᠥᠭᠡᠳ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠬᠤᠳᠠ ᠶᠢᠨ ᠡᠯ᠎ᠡ ᠱᠠᠲᠤᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠪᠣᠯᠣᠨ ᠥᠷᠭᠡᠨ ᠤᠯᠠᠨ ᠠᠷᠠᠳ ᠤᠨ ᠲᠤᠰᠠᠯᠠᠭᠴᠢ ᠴᠠᠭᠳᠠᠭ᠎ᠠ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ ᠲᠡᠷᠡ᠂ | ᠣᠳᠣᠬᠠᠨ ᠳᠤ ᠪᠦᠬᠦ ᠬᠤᠳᠠ ᠪᠠᠷ ᠢᠶᠠᠨ ᠶᠠᠭ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠣᠭᠤᠷᠢᠨ ᠳᠤ | ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠪᠤᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ | ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ | ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠥᠬᠦ ᠤᠯᠤᠰ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠤᠯᠤᠰ ᠲᠥᠷᠥ ᠪᠠᠷ ᠴᠠᠭᠳᠠᠭ᠎ᠠ ᠶᠢ ᠪᠠᠶᠢᠭᠤᠯᠬᠤ᠂ ᠥᠭᠡᠷᠡᠴᠢᠯᠡᠯᠲᠡ ᠪᠠᠷ ᠴᠠᠭᠳᠠᠭ᠎ᠠ ᠶᠢ ᠬᠦᠴᠦᠷᠬᠡᠭᠵᠢᠭᠦᠯᠬᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠠᠭᠳᠠᠭ᠎ᠠ ᠶᠢ ᠮᠠᠨᠳᠤᠭᠤᠯᠬᠤ᠂ ᠴᠠᠭᠳᠠᠭ᠎ᠠ ᠶᠢ ᠴᠢᠩᠭ᠎ᠠ ᠵᠠᠰᠠᠬᠤ᠂ ᠴᠠᠭᠳᠠᠭ᠎ᠠ ᠶᠢ ᠬᠠᠷᠠᠭᠠᠯᠵᠠᠬᠤ ᠡᠯ᠎ᠡ ᠵᠦᠢᠯ ᠤᠨ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠶᠡᠭᠡ ᠪᠠᠷ ᠠᠬᠢᠭᠤᠯᠵᠤ᠂ ᠣᠳᠣᠬᠢᠴᠢᠯᠠᠭᠰᠠᠨ | ᠬᠥᠯᠥᠨ ᠪᠤᠶᠢᠷ ᠤᠨ ᠪᠦᠲᠦᠭᠡᠨ ᠪᠠᠶᠢᠭᠤᠯᠤᠯᠲᠠ ᠳᠤ ᠨᠠᠩ ᠰᠠᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | | ᠸᠠᠩ ᠸᠠᠩ ᠱᠧᠩ᠂ ᠪᠦᠬᠦ ᠬᠤᠳᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠨᠠᠮ ᠳᠠᠭᠠᠨ ᠬᠠᠷᠢᠴᠠᠯᠠᠰᠢᠭᠦᠢ ᠦᠨᠡᠨᠴᠢ | ᠰᠢᠳᠤᠷᠭᠤ ᠪᠠᠶᠢᠬᠤ ᠰᠦᠭ ᠰᠦᠯᠳᠡ ᠶᠢ ᠪᠠᠲᠤ ᠪᠤᠢ ᠪᠣᠯᠭᠠᠵᠤ᠂ ᠪᠦᠬᠦ ᠲᠠᠯ᠎ᠠ ᠶᠢᠨ ᠦᠵᠡᠯᠲᠡ ᠪᠣᠯᠣᠨ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ | ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠬᠦᠷᠢᠶᠡᠨ ᠳᠠᠬᠢ ᠠᠶᠤᠯ ᠲᠦᠭᠰᠢᠭᠦᠷᠢ ᠭᠡᠮ | ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠨᠠᠷᠢᠨ ᠬᠢᠨᠠᠮᠠᠭᠠᠢ ᠥᠷᠨᠢᠭᠦᠯᠵᠦ᠂ ᠨᠡᠶᠢᠭᠡᠮ ᠤᠨ ᠵᠥᠷᠢᠴᠡᠯ ᠠᠰᠠᠭᠤᠳᠠᠯ ᠤᠨ ᠵᠠᠰᠠᠯᠲᠠ ᠶᠢ ᠯᠠᠪᠳᠠᠭᠤᠨ | ᠪᠠᠲᠤᠲᠠᠢ ᠠᠬᠢᠭᠤᠯᠵᠤ᠂ ᠡᠯ᠎ᠡ ᠵᠦᠢᠯ ᠤᠨ ᠲᠣᠪᠤᠶᠢᠮ᠎ᠠ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ | ᠲᠣᠭᠲᠠᠭᠤᠨ ᠪᠣᠯᠣᠨ ᠠᠷᠠᠳ ᠲᠦᠮᠡᠨ ᠤ ᠠᠮᠤᠷ ᠲᠣᠭᠲᠠᠭᠤᠨ ᠢ ᠪᠦᠬᠦ ᠬᠦᠴᠦ ᠪᠠᠷ ᠢᠶᠠᠨ ᠬᠠᠮᠠᠭᠠᠯᠠᠬᠤ ᠬᠡᠷᠡᠭᠲᠡᠢ᠃ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢᠵᠢᠯ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠬᠦᠴᠦᠯᠡᠨ | ᠰᠢᠯᠢᠳᠡᠭᠵᠢᠭᠦᠯᠵᠦ᠂ ︽ᠶᠡᠭᠡ ᠳᠣᠲᠣᠭᠠᠳᠤ ᠶᠢ ᠬᠠᠮᠠᠭᠠᠯᠠᠬᠤ︾ ᠬᠠᠤᠯᠢ ᠬᠡᠷᠡᠭᠵᠢᠭᠦᠯᠬᠦ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ | ᠨᠡᠩ ᠰᠠᠶᠢᠲᠤᠷ ᠦᠢᠯᠡᠴᠢᠯᠡᠨ ᠪᠠᠲᠤᠯᠠᠭ᠎ᠠ ᠬᠠᠩᠭᠠᠬᠤ ᠬᠡᠷᠡᠭᠲᠡᠢ᠃ ᠥᠭᠡᠷᠡᠴᠢᠯᠡᠯᠲᠡ ᠬᠢᠵᠦ ᠴᠠᠭᠳᠠᠭ᠎ᠠ ᠶᠢ ᠬᠦᠴᠦᠷᠬᠡᠭᠵᠢᠭᠦᠯᠬᠦ ᠵᠠᠮ ᠢᠶᠠᠷ ᠡᠷᠡᠰ ᠭᠤᠶᠢᠪᠢᠰᠢ ᠦᠭᠡᠢ | ᠵᠠᠮᠨᠠᠵᠤ᠂ ᠵᠣᠬᠢᠶᠠᠨ ᠪᠠᠶᠢᠭᠤᠯᠤᠯᠲᠠ ᠬᠠᠮᠢᠶᠠᠷᠤᠯᠲᠠ ᠶᠢᠨ ᠰᠢᠰᠲ᠋ᠧᠮ᠂ ᠪᠣᠳᠠᠲᠠᠢ ᠠᠵᠢᠯᠯᠠᠭᠠᠨ ᠤ ᠲᠣᠭᠲᠠᠴᠠ ᠪᠣᠯᠣᠨ ᠦᠨᠳᠦᠰᠦᠨ ᠱᠠᠲᠤᠨ ᠤ ᠰᠠᠭᠤᠷᠢ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠴᠢᠨᠠᠷ ᠴᠢᠨᠰᠠᠭ᠎ᠠ ᠳᠠᠶᠢᠴᠢᠨ ᠬᠦᠴᠦᠨ ᠢ ᠲᠦᠷᠭᠡᠳᠬᠡᠨ | ᠪᠦᠷᠢᠯᠳᠦᠭᠦᠯᠵᠦ ᠳᠡᠭᠡᠭᠰᠢᠯᠡᠭᠦᠯᠬᠦ ᠬᠡᠷᠡᠭᠲᠡᠢ᠃ ᠴᠠᠭᠳᠠᠭ᠎ᠠ ᠶᠢ ᠴᠢᠩᠭ᠎ᠠ ᠵᠠᠰᠠᠬᠤ ᠪᠠ ᠴᠠᠭᠳᠠᠭ᠎ᠠ ᠳᠤ ᠬᠠᠷᠠᠭᠠᠯᠵᠠᠯ ᠦᠵᠡᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ | ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠳᠣᠲᠣᠭᠠᠳᠤ ᠶᠢ ᠬᠠᠮᠠᠭᠠᠯᠠᠬᠤ ᠲᠡᠮᠦᠷ ᠴᠡᠷᠢᠭ ᠢ ᠬᠦᠴᠦᠯᠡᠨ ᠳᠠᠪᠲᠠᠨ ᠪᠣᠯᠪᠠᠰᠤᠷᠠᠭᠤᠯᠬᠤ | ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠣᠲᠣᠭᠠᠳᠤ ᠶᠢ ᠬᠠᠮᠠᠭᠠᠯᠠᠬᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠡᠮᠵᠢᠬᠦ ᠬᠠᠮᠵᠢᠯᠴᠠᠬᠤ ᠪᠠ ᠦᠢᠯᠡᠴᠢᠯᠡᠬᠦ ᠪᠠᠲᠤᠯᠠᠭ᠎ᠠ ᠶᠢ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠪᠦᠬᠦᠯᠢ ᠴᠣᠭᠴᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | |