11 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠵᠢᠴᠢ ᠳᠠᠭᠠᠭᠠᠴᠢᠯᠠᠨ ᠬᠠᠷᠢᠭᠤᠴᠠᠵᠤ ᠪᠠᠶᠢᠭ᠎ᠠ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠠᠭᠠᠨ ᠬᠦᠷᠴᠦ ᠪᠠᠶᠢᠴᠠᠭᠠᠨ ᠰᠤᠳᠤᠯᠪᠠ᠃ | | | 11 ᠰᠠᠷ᠎ᠠ ᠶᠢᠨ 25 ᠤ ᠡᠳᠦᠷ᠂ ᠸᠠᠩ ᠯᠢ ᠰᠢᠶᠠ ᠰᠢᠨ᠎ᠡ ᠨᠢᠰᠬᠡᠯ ᠤᠨ ᠪᠠᠭᠤᠳᠠᠯ ᠤᠨ ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠵᠦ᠂ ᠲᠥᠷᠥᠯ ᠵᠦᠢᠯ ᠤᠨ | ᠠᠬᠢᠴᠠ ᠪᠣᠯᠣᠨ ᠡᠷᠭᠢᠨ ᠲᠣᠭᠤᠷᠢᠨ ᠤ ᠵᠠᠮ ᠤᠨ ᠲᠣᠣᠷ ᠤᠨ ᠬᠤᠯᠪᠣᠯᠳᠤᠨ ᠨᠡᠪᠲᠡᠷᠡᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ | ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ᠃ ᠸᠠᠩ ᠯᠢ ᠰᠢᠶᠠ ᠰᠢᠨ᠎ᠡ ᠨᠢᠰᠬᠡᠯ ᠤᠨ ᠪᠠᠭᠤᠳᠠᠯ ᠤᠨ ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠵᠦ᠂ ᠲᠦᠷᠦᠯ | ᠵᠦᠢᠯ ᠤᠨ ᠠᠬᠢᠴᠠ ᠪᠣᠯᠣᠨ ᠡᠷᠭᠢᠨ ᠲᠣᠭᠤᠷᠢᠨ ᠤ ᠵᠠᠮ ᠤᠨ ᠲᠣᠣᠷ ᠤᠨ ᠬᠤᠯᠪᠣᠯᠳᠤᠨ ᠨᠡᠪᠲᠡᠷᠡᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ | ᠭᠦᠭᠡᠬᠤᠲᠠ᠂ ᠨᠢᠰᠬᠡᠯ ᠤᠨ ᠪᠠᠭᠤᠳᠠᠯ ᠤᠨ ᠳᠠᠭᠠᠭᠠᠴᠢᠯᠠᠨ ᠪᠠᠶᠢᠭᠤᠯᠬᠤ ᠨᠢᠭᠡᠴᠢ᠂ ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠵᠢᠴᠢ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠠᠢ ᠬᠠᠮᠲᠤ ᠪᠠᠷ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠠᠰᠠᠭᠤᠳᠠᠯ ᠢ | ᠰᠤᠳᠤᠯᠪᠠ᠃ ᠲᠡᠷᠡ᠂ ᠣᠷᠣᠨ ᠪᠦᠰᠡ ᠶᠢᠨ ᠬᠥᠭᠵᠢᠯᠲᠡ ᠶᠢᠨ ᠪᠦᠬᠦᠯᠢ ᠴᠣᠭᠴᠠ ᠠᠴᠠ ᠪᠣᠳᠣᠯᠬᠢᠯᠠᠵᠤ᠂ ᠨᠢᠰᠬᠡᠯ ᠤᠨ ᠪᠠᠭᠤᠳᠠᠯ᠂ ᠲᠡᠮᠦᠷ ᠵᠠᠮ᠂ ᠵᠠᠰᠠᠮᠠᠯ ᠵᠠᠮ | ᠬᠤᠯᠪᠣᠯᠳᠤᠨ ᠨᠡᠪᠲᠡᠷᠡᠯᠴᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠢ ᠨᠢᠭᠡᠳᠦᠯᠲᠡᠢ ᠤᠬᠠᠭᠠᠯᠠᠨ ᠲᠥᠯᠥᠪᠯᠡᠵᠦ᠂ ᠭᠦᠭᠡᠬᠤᠲᠠ ᠪᠤᠭᠤᠲᠤ ᠣᠷᠳᠣᠰ | ᠲᠡᠮᠡᠭᠡᠲᠦ ᠶᠢᠨ ᠴᠢᠬᠤᠯᠠ ᠡᠯᠧᠮᠧᠨ᠋ᠲ ᠤᠨ ᠥᠨᠳᠥᠷ ᠪᠦᠲᠦᠮᠵᠢᠲᠡᠶ ᠰᠢᠯᠵᠢᠯᠲᠡ ᠶᠢ ᠠᠬᠢᠭᠤᠯᠬᠤ ᠬᠡᠷᠡᠭᠲᠡᠢ᠃ ᠡᠨᠧᠷᠭᠢ᠂ ᠪᠠᠷᠢᠯᠭ᠎ᠠ᠂ ᠲᠥᠬᠦᠭᠡᠷᠦᠮᠵᠢ ᠶᠢ ᠪᠦᠭᠦ | ᠲᠠᠯ᠎ᠠ ᠪᠠᠷ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠬᠤᠪᠢᠷᠠᠭᠤᠯᠬᠤ ᠠᠷᠭ᠎ᠠ ᠵᠠᠮ ᠢ ᠰᠦᠪᠡᠭᠴᠢᠯᠡᠵᠦ᠂ ᠨᠡᠭᠦᠷᠡᠰᠦᠲᠥ᠋ᠷᠥᠭᠴᠢ ᠦᠭᠡᠢ ᠨᠢᠰᠬᠡᠯ ᠤᠨ ᠪᠠᠭᠤᠳᠠᠯ ᠢ | ᠪᠠᠶᠢᠭᠤᠯᠬᠤ ᠬᠡᠷᠡᠭᠲᠡᠢ᠃ ᠲᠣᠭᠲᠠᠭᠰᠠᠨ ᠬᠠᠷᠠᠯᠲᠠ ᠶᠣᠰᠣᠭᠠᠷ᠂ ᠢᠷᠡᠬᠦ ᠵᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠷᠢᠯᠢᠭᠵᠢᠭᠤᠯᠵᠤ᠂ ᠠᠶᠤᠯᠭᠦᠢ ᠦᠢᠯᠡᠳᠪᠦᠷᠢᠯᠡᠯ ᠢ | ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠠᠵᠢᠯ ᠢ ᠴᠢᠨᠠᠷ ᠰᠠᠶᠢᠲᠠᠢ ᠠᠬᠢᠭᠤᠯᠬᠤ ᠬᠡᠷᠡᠭᠲᠡᠢ ᠭᠡᠵᠡᠢ᠃ | 11 ᠰᠠᠷ᠎ᠠ ᠶᠢᠨ 25 ᠤ ᠡᠳᠦᠷ᠂ ᠸᠠᠩ ᠯᠢ ᠰᠢᠶᠠ ᠳᠠᠭᠠᠭᠠᠴᠢᠯᠠᠨ ᠬᠠᠷᠢᠭᠤᠴᠠᠵᠤ ᠪᠠᠶᠢᠭ᠎ᠠ ᠰᠢᠶᠠᠨ ᠬᠤᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠺᠣᠮᠫᠠᠨᠢ ᠳᠤ ᠭᠦᠨᠵᠡᠭᠡᠶᠢᠷᠡᠨ ᠲᠤᠬᠠᠢ ᠶᠢᠨ ᠲᠠᠯᠠᠪᠠᠢ ᠳᠤ ᠠᠯᠪᠠᠯᠠᠵᠤ᠂ ︽ᠥᠪᠥᠷ ᠮᠣᠩᠭᠤᠯ ᠤᠨ ᠴᠠᠬᠢᠮ ᠢᠯᠲᠠᠰᠤ︾ ᠶᠢᠨ ᠣᠶᠤᠨᠴᠢ ᠠᠭᠤᠷᠬᠠᠢ᠂ ᠲᠣᠭᠠᠴᠢᠯᠠᠭᠰᠠᠨ | ᠴᠠᠬᠢᠯᠭᠠᠨ ᠲᠣᠣᠷ ᠵᠡᠷᠭᠡ ᠬᠦᠷᠢᠶᠡᠨ ᠳᠠᠬᠢ ᠬᠡᠷᠡᠭᠯᠡᠭᠡᠨ ᠢ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤ ᠠᠵᠤ ᠠᠬᠤᠶᠢᠯᠠᠯ ᠳᠤ | ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ | ᠱᠠᠭᠠᠷᠳᠠᠯᠭ᠎ᠠ ᠶᠣᠰᠣᠭᠠᠷ᠂ ᠸᠠᠩ ᠯᠢ ᠰᠢᠶᠠ ᠳᠠᠭᠠᠭᠠᠴᠢᠯᠠᠨ ᠬᠠᠷᠢᠭᠤᠴᠠᠵᠤ ᠪᠠᠶᠢᠭ᠎ᠠ ᠰᠢᠶᠠᠨ ᠬᠤᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠳᠤ | ᠭᠦᠨᠵᠡᠭᠡᠶᠢᠷᠡᠨ ᠲᠤᠬᠠᠢ ᠶᠢᠨ ᠲᠠᠯᠠᠪᠠᠢ ᠳᠤ ᠠᠯᠪᠠᠯᠠᠵᠤ᠂ ︽ᠥᠪᠥᠷ ᠮᠣᠩᠭᠤᠯ ᠤᠨ ᠴᠠᠬᠢᠮ ᠢᠯᠲᠠᠰᠤ︾ ᠶᠢᠨ ᠣᠶᠤᠨᠴᠢ ᠠᠭᠤᠷᠬᠠᠢ᠂ ᠲᠣᠭᠠᠴᠢᠯᠠᠭᠰᠠᠨ ᠴᠠᠭᠢᠯᠭᠠᠨ | ᠲᠣᠣᠷ ᠵᠡᠷᠭᠡ ᠬᠦᠷᠢᠶᠡᠨ ᠳᠠᠬᠢ ᠬᠡᠷᠡᠭᠯᠡᠭᠡᠨ ᠢ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤ ᠠᠵᠤ ᠠᠬᠤᠶᠢᠯᠠᠯ ᠳᠤ ᠲᠤᠯᠭᠠᠷᠠᠭᠰᠠᠨ | ᠬᠦᠴᠢᠷᠳᠡᠯ ᠪᠣᠯᠣᠨ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠲᠡᠷᠡ ᠠᠵᠤ ᠠᠬᠤᠶᠢᠯᠠᠯ ᠤᠨ ᠬᠢᠨ ᠢ ᠢᠲᠡᠭᠡᠯ ᠵᠣᠷᠢᠭ ᠢᠶᠠᠨ ᠪᠠᠲᠤᠳᠬᠠᠵᠤ᠂ ᠥᠪᠥᠷ | ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠳᠬᠦ ᠦᠢᠯᠡᠰ ᠤᠨ ᠲᠠᠰ ᠳᠡᠪᠰᠢᠬᠦ᠂ ᠰᠢᠨ᠎ᠡ ᠡᠨᠧᠷᠭᠢ ᠶᠢᠨ ᠬᠥᠭᠵᠢᠯᠲᠡ᠂ | ᠠᠮᠤᠷ ᠲᠦᠪᠰᠢᠨ ᠤ ᠬᠠᠮᠢᠶᠠᠷᠤᠯᠲᠠ ᠶᠢᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠵᠡᠷᠭᠡ ᠠᠴᠠ ᠪᠣᠯᠤᠭᠰᠠᠨ ᠠᠵᠠ ᠲᠣᠭᠢᠶᠠᠯ ᠢ ᠠᠮᠵᠢᠵᠤ᠂ ᠭᠤᠣᠯ ᠲᠤᠬᠠᠶᠢᠯᠠᠭᠰᠠᠨ | ᠠᠵᠢᠯ ᠢᠶᠠᠨ ᠭᠤᠶᠢᠪᠢᠰᠢ ᠦᠭᠡᠢ ᠭᠦᠨᠵᠡᠭᠡᠢ ᠬᠥᠭᠵᠢᠭᠦᠯᠵᠦ᠂ ᠠᠵᠤ ᠦᠢᠯᠡᠳᠪᠦᠷᠢ ᠠᠴᠠ ᠭᠤᠣᠯ ᠡᠵᠡᠮᠳᠡᠬᠦ ᠴᠠᠬᠢᠮ ᠢᠯᠲᠠᠰᠤ ᠶᠢᠨ ᠠᠵᠢᠯ ᠲᠥᠷᠥᠯ ᠤᠨ | ᠳᠠᠭᠠᠭᠤᠯᠤᠭᠴᠢ ᠪᠤᠯᠬᠤ ᠪᠠᠷ ᠴᠢᠷᠮᠠᠶᠢᠭᠠᠷᠠᠢ ᠭᠡᠵᠦ ᠵᠣᠷᠢᠭᠵᠢᠭᠤᠯᠪᠠ᠃ ᠡᠯ᠎ᠡ ᠱᠠᠲᠤᠨ ᠤ ᠵᠠᠰᠠᠭ ᠤᠨ ᠣᠷᠳᠣᠨ ᠠᠰᠠᠭᠤᠳᠠᠯ ᠢ ᠦᠨᠡᠨ ᠪᠣᠳᠠᠲᠠᠢ ᠰᠢᠢᠳᠪᠦᠷᠢᠯᠡᠵᠦ᠂ | ᠥᠪᠥᠷ ᠮᠣᠩᠭᠤᠯ ᠳᠤ ᠪᠠᠶᠢᠭ᠎ᠠ ᠡᠯ᠎ᠡ ᠲᠥᠷᠥᠯ ᠤᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠢ ᠭᠡᠵᠡᠢ᠃ | | | | 11 ᠰᠠᠷ᠎ᠠ ᠶᠢᠨ 25 ᠤ ᠡᠳᠦᠷ᠂ ᠸᠠᠩ ᠯᠢ ᠰᠢᠶᠠ ᠤᠷᠢᠳᠴᠢᠯᠠᠨ ᠮᠡᠳᠡᠭᠳᠡᠭᠰᠡᠨ ᠦᠭᠡᠢ ᠪᠠᠷ ᠬᠤᠷᠢᠨᠭᠡᠷ ᠰᠢᠶᠠᠨ ᠤ ᠨᠡᠶᠢᠭᠡᠮ ᠤᠨ ᠵᠠᠰᠠᠯᠲᠠ ᠶᠢᠨ | ᠲᠥᠪ ᠲᠤ ᠬᠦᠷᠴᠦ᠂ ᠵᠠᠬᠢᠳᠠᠯ ᠰᠤᠷᠪᠤᠯᠵᠢᠯᠠᠯ ᠬᠢᠬᠦ ᠪᠠᠷ ᠢᠷᠡᠭᠰᠡᠨ ᠣᠯᠠᠨ ᠲᠦᠮᠡᠨ ᠲᠠᠢ ᠬᠠᠮᠲᠤ ᠰᠠᠭᠤᠵᠤ᠂ ᠵᠠᠬᠢᠳᠠᠯ ᠰᠤᠷᠪᠤᠯᠵᠢᠯᠠᠯ ᠤᠨ ᠤᠴᠢᠷ ᠰᠢᠯᠲᠠᠭᠠᠨ ᠢ | ᠬᠦᠯᠢᠴᠡᠩᠭᠦᠢ ᠠᠰᠠᠭᠤᠨ ᠯᠠᠪᠯᠠᠵᠤ᠂ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠠᠷᠭ᠎ᠠ ᠶᠢ ᠰᠤᠳᠤᠯᠪᠠ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ᠃ | ᠪᠠᠶᠢᠴᠠᠭᠠᠨ ᠰᠤᠳᠤᠯᠤᠭᠰᠠᠨ ᠬᠤᠭᠤᠴᠠᠭᠠᠨ ᠳᠠᠭᠠᠨ᠂ ᠸᠠᠩ ᠯᠢ ᠰᠢᠶᠠ ᠤᠷᠢᠳᠴᠢᠯᠠᠨ ᠮᠡᠳᠡᠭᠳᠡᠭᠰᠡᠨ ᠦᠭᠡᠢ ᠪᠠᠷ ᠬᠤᠷᠢᠨᠭᠡᠷ ᠰᠢᠶᠠᠨ ᠤ ᠨᠡᠶᠢᠭᠡᠮ ᠤᠨ ᠵᠠᠰᠠᠯᠲᠠ ᠶᠢᠨ | ᠲᠥᠪ ᠲᠤ ᠬᠦᠷᠴᠦ᠂ ᠵᠠᠬᠢᠳᠠᠯ ᠰᠤᠷᠪᠤᠯᠵᠢᠯᠠᠯ ᠬᠢᠬᠦ ᠪᠠᠷ ᠢᠷᠡᠭᠰᠡᠨ ᠤᠯᠠᠨ ᠲᠦᠮᠡᠨ ᠲᠠᠢ ᠬᠠᠮᠲᠤ ᠰᠠᠭᠤᠵᠤ᠂ ᠵᠠᠬᠢᠳᠠᠯ ᠰᠤᠷᠪᠤᠯᠵᠢᠯᠠᠯ ᠤᠨ ᠤᠴᠢᠷ ᠰᠢᠯᠲᠠᠭᠠᠨ ᠢ | ᠬᠦᠯᠢᠴᠡᠩᠭᠦᠢ ᠠᠰᠠᠭᠤᠨ ᠯᠠᠪᠯᠠᠵᠤ᠂ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠠᠷᠭ᠎ᠠ ᠶᠢ ᠰᠤᠳᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠢ | ᠤᠶᠠᠯᠳᠤᠭᠤᠯᠵᠤ᠂ ᠭᠠᠵᠠᠷ ᠰᠢᠷᠣᠢ ᠶᠢᠨ ᠳᠠᠭᠠᠭᠠᠴᠢᠯᠠᠯᠲᠠ ᠵᠡᠷᠭᠡ ᠲᠠᠯ᠎ᠠ ᠶᠢᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ | ᠭᠡᠵᠦ ᠵᠠᠬᠢᠪᠠ᠃ ᠲᠡᠷᠡ ᠰᠢᠶᠠᠨ ᠤ ᠬᠢᠨ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠰᠲ᠋ᠧᠮ ᠲᠠᠢ ᠡᠮᠬᠢᠯᠡᠵᠦ᠂ ᠠᠳᠠᠯᠢ ᠲᠦᠷᠦᠯ ᠤᠨ ᠠᠰᠠᠭᠤᠳᠠᠯ ᠢ ᠦᠨᠳᠦᠰᠦ | ᠰᠤᠷᠪᠤᠯᠵᠢ ᠠᠴᠠ ᠨᠢ ᠰᠢᠢᠳᠪᠦᠷᠢᠯᠡᠬᠦ ᠠᠷᠭ᠎ᠠ ᠪᠣᠳᠣᠯᠭ᠎ᠠ ᠶᠢ ᠰᠤᠳᠤᠯᠬᠤ ᠬᠡᠷᠡᠭᠲᠡᠢ᠃ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠬᠠᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ | ᠳᠦᠷᠢᠮ ᠢ ᠭᠦᠢᠴᠡᠳ ᠰᠠᠶᠢᠲᠤᠷ ᠬᠡᠷᠡᠭᠯᠡᠵᠦ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ | ᠵᠥᠷᠢᠴᠡᠯ ᠵᠠᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠪᠣᠳᠠᠲᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠭᠦ ᠬᠡᠷᠡᠭᠲᠡᠢ ᠭᠡᠵᠦ ᠱᠠᠭᠠᠷᠳᠠᠪᠠ᠃ |