ᠸᠠᠩ ᠸᠠᠩ ᠱᠧᠩ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/12/2
       11 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠥᠯᠥᠨ ᠪᠤᠶᠢᠷ ᠬᠤᠲᠠ ᠶᠢᠨ ᠮᠣᠩᠭᠤᠯ ᠡᠮᠨᠡᠯᠭᠡ ᠶᠢᠨ ᠬᠤᠷᠢᠶ᠎ᠠ ᠪᠣᠯᠤᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠳᠤ ᠪᠠᠶᠢᠴᠠᠭᠠᠨ ᠰᠤᠳᠤᠯᠤᠯᠲᠠ ᠬᠢᠵᠦ᠂ ᠮᠣᠩᠭᠤᠯ ᠡᠮ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠢ ᠳᠡᠯᠭᠡᠷᠡᠭᠦᠯᠦᠨ ᠬᠤᠪᠢᠷᠠᠭᠤᠯᠬᠤ᠂ ᠤᠨᠴᠠᠯᠢᠬᠳᠤ ᠰᠠᠯᠠᠭ᠎ᠠ ᠲᠠᠰᠤᠭ ᠤᠨ ᠪᠥᠲᠥᠭᠡᠨ ᠪᠠᠶᠢᠭᠤᠯᠤᠯᠲᠠ᠂ ᠡᠮ ᠡᠮᠨᠡᠯᠭᠡ ᠶᠢᠨ ᠴᠢᠳᠠᠪᠤᠷᠢᠲᠠᠨ ᠢ ᠬᠥᠮᠦᠵᠢᠭᠦᠯᠬᠦ ᠵᠢᠴᠢ ᠪᠥᠬᠦ ᠬᠤᠲᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃
2024-12-2-5(1).jpg   
       ᠸᠠᠩ ᠸᠠᠩ ᠱᠧᠩ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠣᠳᠣᠬᠠᠨ ᠤ ᠮᠠᠨ ᠤ ᠬᠤᠲᠠ ᠶᠢᠨ ᠡᠮᠴᠢᠯᠡᠭᠡᠨ ᠤ ᠦᠢᠯᠡᠰ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠡᠮᠬᠢᠯᠡᠨ ᠵᠠᠳᠠᠯᠵᠤ᠂ ᠡᠮᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠪᠠᠶᠢᠷᠢᠰᠢᠭᠤᠯᠵᠤ᠂ ᠲᠦᠭᠵᠢᠷᠡᠯ ᠢ ᠦᠨᠳᠦᠰᠦᠨ ᠠᠴᠠ ᠨᠢ ᠨᠡᠪᠲᠡᠷᠡᠭᠦᠯᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠥᠬᠦ ᠬᠤᠲᠠ ᠶᠢᠨ ᠡᠮᠴᠢᠯᠡᠭᠡᠨ ᠤ ᠬᠢᠷᠢ ᠲᠦᠪᠰᠢᠨ ᠤ ᠦᠷᠭᠦᠯᠵᠢᠯᠡᠨ ᠳᠡᠭᠡᠭᠰᠢᠯᠡᠬᠦ ᠶᠢ ᠠᠬᠢᠭᠤᠯᠬᠤ ᠬᠡᠷᠡᠭᠲᠡᠶ᠃ ᠡᠯ᠎ᠡ ᠡᠮᠨᠡᠯᠭᠡ ᠶᠢᠨ ᠬᠤᠷᠢᠶ᠎ᠠ ᠲᠣᠰ ᠪᠡᠶ᠎ᠡ ᠶᠢᠨ ᠪᠠᠶᠢᠷᠢ ᠲᠣᠭᠲᠠᠭᠠᠯᠲᠠ ᠳᠠᠭᠠᠨ ᠰᠠᠭᠤᠷᠢᠯᠠᠨ᠂ ᠳᠠᠪᠠᠭᠤᠯᠢᠭ ᠣᠨᠴᠠᠯᠢᠭ ᠪᠥᠬᠦᠶ ᠰᠢᠨᠵᠢᠯᠡᠭᠡᠨ ᠤ ᠰᠠᠯᠠᠭ᠎ᠠ ᠶᠢ ᠨᠠᠷᠢᠯᠢᠭᠵᠢᠭᠤᠯᠤᠨ ᠰᠢᠯᠢᠳᠡᠭᠵᠢᠭᠦᠯᠵᠦ᠂ ᠣᠨᠣᠰᠢᠯᠠᠨ ᠡᠮᠨᠡᠬᠦ ᠦᠢᠯᠡᠴᠢᠯᠡᠭᠡ ᠪᠠ ᠡᠵᠡᠩᠨᠡᠯᠲᠡ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ᠃ ᠬᠢᠲᠠᠳ ᠡᠮ ᠡᠮᠨᠡᠯᠭᠡ ᠮᠣᠩᠭᠤᠯ ᠡᠮ ᠡᠮᠨᠡᠯᠭᠡ ᠶᠢᠨ ᠡᠪᠡᠳᠴᠢᠯᠡᠬᠦ ᠠᠴᠠ ᠡᠮᠦᠨ᠎ᠡ ᠵᠠᠰᠠᠬᠤ ᠲᠠᠯ᠎ᠠ ᠪᠠᠷ ᠥᠪᠡᠷᠮᠢᠴᠡ ᠳᠠᠪᠠᠭᠤᠯᠢᠭ ᠪᠠ ᠦᠢᠯᠡᠳᠦᠯ ᠲᠠᠢ ᠪᠠᠶᠢᠵᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠮᠴᠢᠯᠡᠭᠡᠨ ᠤ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠦᠨᠳᠦᠰᠦᠨ ᠱᠠᠲᠤᠨ ᠤ ᠵᠠᠰᠠᠯᠲᠠ ᠶᠢᠨ ᠲᠠᠯ᠎ᠠ ᠠᠴᠠ ᠡᠭᠦᠰᠴᠦ᠂ ᠬᠢᠲᠠᠳ ᠡᠮ ᠡᠮᠨᠡᠯᠭᠡ ᠮᠣᠩᠭᠤᠯ ᠡᠮ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠢ ᠳᠡᠯᠭᠡᠷᠡᠭᠦᠯᠦᠨ᠂ ᠲᠡᠭᠦᠨ ᠢ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠰᠢᠰᠲ᠋ᠧᠮ ᠳᠤ ᠨᠠᠩ ᠥᠷᠭᠡᠨ ᠳᠡᠯᠭᠡᠷ ᠣᠷᠣᠭᠤᠯᠵᠤ᠂ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠬᠦ ᠪᠠ ᠤᠬᠠᠭᠤᠯᠬᠤ ᠶᠢ ᠢᠳᠡᠪᠬᠢᠲᠡᠢ ᠥᠷᠨᠢᠭᠦᠯᠦᠨ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠪᠣᠯᠤᠮᠵᠢᠲᠤ ᠴᠢᠨᠠᠷ ᠪᠠ ᠬᠡᠷᠡᠭᠯᠡᠭᠡᠨ ᠤ ᠴᠢᠨᠠᠷ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠡᠷᠡᠭᠦᠯᠵᠢᠯ ᠤᠨ ᠦᠵᠡᠯ ᠤᠬᠠᠮᠰᠠᠷ ᠢ ᠴᠢᠩᠭᠠᠷᠠᠭᠤᠯᠤᠨ᠎ᠠ ᠃ ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠬᠦ ᠶᠢ ᠴᠢᠬᠤᠯᠠᠴᠢᠯᠠᠵᠤ᠂ ᠬᠢᠲᠠᠳ ᠮᠣᠩᠭᠤᠯ ᠡᠮ ᠡᠮᠨᠡᠯᠭᠡ ᠶᠢᠨ ᠰᠣᠶᠣᠯ ᠪᠠ ᠤᠷ᠎ᠠ ᠴᠢᠳᠠᠪᠤᠷᠢ ᠶᠢ ᠨᠡᠩ ᠰᠠᠶᠢᠲᠤᠷ ᠤᠯᠠᠮᠵᠢᠯᠠᠨ ᠬᠥᠭᠵᠢᠭᠦᠯᠬᠦ ᠬᠡᠷᠡᠭᠲᠡᠢ ᠭᠡᠵᠡᠢ᠃
2024-12-2-5(2).jpg   
       ᠸᠠᠩ ᠸᠠᠩ ᠱᠧᠩ ᠪᠠᠰᠠ ᠬᠥᠯᠥᠨ ᠪᠤᠶᠢᠷ ᠬᠤᠳᠠ ᠶᠢᠨ ᠮᠣᠩᠭᠤᠯ ᠡᠮᠨᠡᠯᠭᠡ ᠶᠢᠨ ᠬᠤᠷᠢᠶᠠᠨ ᠳᠤ ᠬᠦᠷᠴᠦ ᠰᠢᠨ᠎ᠡ ᠪᠠᠷ ᠪᠠᠶᠢᠭᠤᠯᠤᠭᠰᠠᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠪᠠᠷᠢᠯᠭ᠎ᠠ ᠶᠢᠨ ᠠᠬᠢᠴᠠ ᠶᠢ ᠪᠠᠶᠢᠴᠠᠭᠠᠨ ᠦᠵᠡᠵᠦ᠂ ᠬᠠᠷᠢᠯᠴᠠᠨ ᠢᠵᠢ ᠪᠦᠷᠢᠳᠦᠭᠰᠡᠨ ᠨᠡᠶᠢᠭᠡᠮ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠮᠣᠩᠭᠤᠯ ᠡᠮ ᠡᠮᠨᠡᠯᠭᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠦᠢᠯᠡᠰ ᠪᠣᠯᠤᠨ ᠵᠤᠭᠠᠴᠠᠯ ᠤᠨ ᠦᠢᠯᠡᠰ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠭᠠᠵᠠᠷ ᠣᠷᠣᠨ ᠤ ᠣᠨᠴᠠᠯᠢᠭ ᠲᠠᠢ ᠡᠷᠡᠭᠦᠯᠵᠢᠯ ᠰᠤᠪᠢᠯᠠᠯᠲᠠ ᠶᠢᠨ ᠲᠦᠷᠦᠯ ᠵᠦᠢᠯ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠤᠷᠳᠤᠨ