| | 11 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠪᠥᠬᠦ ᠬᠤᠲᠠ ᠶᠢᠨ ᠪᠤᠶᠢᠺᠤ ᠪᠥᠮᠪᠦᠭᠡ ᠶᠢᠨ ᠦᠢᠯᠡᠰ ᠤᠨ | ᠬᠥᠭᠵᠢᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ | ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠤᠶᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ ᠪᠤᠶᠢᠺᠤ ᠪᠥᠮᠪᠦᠭᠡ ᠶᠢᠨ ᠬᠥᠳᠡᠯᠭᠡᠭᠡᠨ ᠢ | ᠪᠡᠶ᠎ᠡ ᠶᠢᠨ ᠲᠠᠮᠢᠷ ᠤᠨ ᠬᠢᠴᠢᠶᠡᠯ ᠳᠤ ᠣᠷᠣᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠳᠤ ᠰᠤᠷᠤᠭᠴᠢᠳ ᠪᠤᠶᠢᠺᠤ ᠪᠥᠮᠪᠦᠭᠡ ᠶᠢᠨ ᠲᠥᠷᠥᠯ | ᠵᠦᠢᠯ ᠤᠨ ᠮᠡᠷᠭᠡᠵᠢᠯ ᠤᠨ ᠬᠥᠳᠡᠯᠭᠡᠭᠡᠨ ᠢ ᠰᠤᠷᠤᠯᠴᠠᠵᠤ ᠪᠠᠶᠢᠪᠠ᠃ ᠸᠠᠩ ᠸᠠᠩ ᠱᠧᠩ ᠰᠤᠷᠭᠠᠭᠤᠯᠢ ᠶᠢᠨ ᠬᠠᠷᠢᠭᠤᠴᠠᠯᠭᠠᠲᠠᠨ ᠠᠴᠠ ᠪᠠᠭᠠᠵᠢ ᠬᠡᠷᠡᠭᠰᠡᠯ ᠤᠨ | ᠲᠥᠬᠦᠭᠡᠷᠦᠮᠵᠢ ᠪᠣᠯᠤᠨ ᠬᠢᠴᠢᠶᠡᠯ ᠤᠨ ᠪᠠᠶᠢᠷᠢᠯᠠᠭᠤᠯᠤᠯᠲᠠ ᠶᠢᠨ ᠪᠠᠶᠢᠳᠠᠯ ᠢ ᠣᠶᠢᠯᠠᠭᠠᠵᠤ᠂ ᠪᠤᠶᠢᠺᠤ ᠪᠥᠮᠪᠦᠭᠡ ᠶᠢᠨ ᠬᠥᠳᠡᠯᠭᠡᠭᠡᠨ ᠢ ᠪᠦᠬᠦ ᠬᠤᠳᠠ ᠶᠢᠨ ᠡᠯ᠎ᠡ | ᠱᠠᠲᠤᠨ ᠤ ᠡᠯ᠎ᠡ ᠲᠦᠷᠦᠯ ᠤᠨ ᠰᠤᠷᠭᠠᠭᠤᠯᠢ ᠳᠤ ᠲᠦᠭᠡᠮᠡᠯᠵᠢᠭᠦᠯᠬᠦ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠤᠨᠴᠠᠯᠢᠬᠳᠤ ᠬᠢᠴᠢᠶᠡᠯ ᠪᠣᠯᠤᠨ | ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠵᠤ᠂ ᠵᠠᠯᠠᠭᠤᠴᠤᠳ ᠪᠠᠭᠠᠴᠤᠳ ᠤᠨ ᠳᠤᠷ᠎ᠠ ᠰᠣᠨᠢᠷᠬᠠᠯ ᠢ ᠴᠢᠩᠭᠠᠳᠬᠠᠵᠤ᠂ ᠨᠡᠩ ᠤᠯᠠᠨ ᠰᠢᠯᠢᠳᠡᠭ | ᠴᠢᠳᠠᠪᠤᠷᠢᠲᠠᠨ ᠢ ᠠᠭᠤᠳᠠᠯᠤᠨ ᠬᠥᠮᠦᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠳᠠᠷᠠᠭ᠎ᠠ ᠳᠤᠨᠢ᠂ ᠸᠠᠩ ᠸᠠᠩ ᠱᠧᠩ ᠬᠥᠯᠥᠨ ᠪᠤᠶᠢᠷ ᠬᠤᠳᠠ ᠶᠢᠨ ᠪᠤᠶᠢᠺᠤ | ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠤ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠭᠠᠵᠠᠷ ᠣᠷᠣᠨ ᠤ ᠬᠢᠨ ᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠰᠢᠨᠵᠢᠯᠡᠬᠦ ᠤᠬᠠᠭᠠᠨᠴᠢ ᠪᠠᠷ | ᠨᠤᠲᠠᠯᠠᠵᠤ᠂ ᠤᠳᠤ ᠶᠢᠨ ᠪᠠᠶᠢᠭ᠎ᠠ ᠲᠠᠯᠠᠪᠠᠢ ᠣᠷᠳᠣᠨ ᠢ ᠥᠭᠡᠷᠡᠴᠢᠯᠡᠨ ᠳᠡᠭᠡᠭᠰᠢᠯᠡᠭᠦᠯᠬᠦ ᠠᠵᠢᠯ ᠢ ᠲᠦᠷᠭᠡᠳᠬᠡᠨ ᠠᠬᠢᠭᠤᠯᠵᠤ᠂ ᠴᠢᠳᠠᠮᠵᠢ ᠶᠢᠨ | ᠪᠠᠶᠢᠷᠢᠰᠢᠭᠤᠯᠤᠯᠲᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠬᠦ ᠶᠢᠨ ᠬᠠᠮᠲᠤ ᠬᠤᠭᠤᠰᠤᠨ ᠲᠠᠯᠠᠪᠤᠷ ᠣᠷᠳᠣᠨ ᠤ ᠲᠠᠯᠠᠪᠤᠷ ᠭᠠᠵᠠᠷ ᠤᠨ ᠡᠬᠢ ᠪᠠᠶᠠᠯᠢᠭ ᠢ | ᠠᠮᠢᠳᠤᠯᠢᠭᠵᠢᠭᠤᠯᠵᠤ᠂ ᠪᠤᠶᠢᠺᠤ ᠪᠥᠮᠪᠦᠭᠡ ᠶᠢᠨ ᠡᠯ᠎ᠡ ᠲᠦᠷᠦᠯ ᠤᠨ ᠤᠷᠤᠯᠳᠤᠭᠠᠨ᠂ ᠡᠯ᠎ᠡ ᠱᠠᠲᠤᠨ ᠤ ᠪᠣᠯᠪᠠᠰᠤᠷᠠᠯ ᠪᠣᠯᠤᠨ ᠤᠯᠠᠨ ᠨᠡᠶᠢᠲᠡ ᠳᠤ ᠲᠦᠭᠡᠮᠡᠯᠵᠢᠭᠦᠯᠬᠦ | ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ | ᠬᠡᠷ᠂ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠬᠠᠮᠢᠶ᠎ᠠ ᠪᠥᠬᠦᠶ | ᠠᠵᠢᠯ ᠤᠨ ᠠᠬᠢᠴᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠸᠠᠩ ᠸᠠᠩ ᠱᠧᠩ᠂ ᠣᠳᠣᠬᠠᠨ ᠳᠤ ᠬᠥᠯᠥᠨ ᠪᠤᠶᠢᠷ ᠤᠨ ᠪᠤᠶᠢᠺᠤ ᠪᠥᠮᠪᠦᠭᠡ ᠶᠢᠨ ᠦᠢᠯᠡᠰ ᠢ | ᠬᠥᠭᠵᠢᠭᠦᠯᠬᠦ ᠳᠤ ᠳᠠᠪᠠᠭᠤᠯᠢᠭ᠂ ᠨᠥᠬᠦᠴᠡᠯ ᠭᠦᠢᠴᠡᠳ ᠪᠠᠶᠢᠨ᠎ᠠ᠃ ᠠᠰᠢᠭᠲᠠᠢ ᠴᠠᠭ ᠲᠣᠬᠢᠶᠠᠯ ᠢ ᠠᠮᠵᠢᠵᠤ᠂ ᠢᠳᠡᠪᠬᠢᠲᠡᠢ ᠪᠠᠷ ᠳᠡᠭᠡᠳᠦ ᠱᠠᠲᠤᠨ ᠠᠴᠠ ᠳᠡᠮᠵᠢᠯᠭᠡ | ᠣᠯᠵᠤ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠬᠤᠳᠠ ᠶᠢᠨ ᠲᠤᠰ ᠱᠠᠲᠤᠨ ᠤ ᠪᠣᠳᠠᠲᠠᠢ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠵᠦ᠂ ᠪᠡᠯᠡ ᠮᠥᠩᠭᠦ ᠶᠢᠨ ᠪᠠᠲᠤᠯᠠᠭ᠎ᠠ᠂ ᠰᠢᠨᠵᠢᠯᠡᠭᠡᠨ ᠤ ᠰᠠᠯᠠᠭ᠎ᠠ ᠶᠢᠨ ᠪᠠᠶᠢᠷᠢᠯᠠᠭᠤᠯᠤᠯᠲᠠ᠂ ᠲᠠᠯᠠᠪᠤᠷ ᠭᠠᠵᠠᠷ ᠤᠨ ᠪᠦᠳᠦᠭᠡᠨ ᠪᠠᠶᠢᠭᠤᠯᠤᠯᠲᠠ ᠵᠡᠷᠭᠡ | ᠡᠯ᠎ᠡ ᠲᠠᠯ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠢ ᠠᠭᠤᠰᠤᠯᠴᠠᠭᠤᠯᠤᠭᠰᠠᠨ | ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ ᠶᠢ ᠭᠦᠨᠵᠡᠭᠡᠶᠢᠷᠡᠭᠦᠯᠵᠦ᠂ ᠶᠡᠭᠡ ᠳᠡᠭᠡᠳᠦ ᠰᠤᠷᠭᠠᠭᠤᠯᠢ ᠪᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ | ᠲᠦᠰᠢᠭᠯᠡᠨ ᠪᠤᠶᠢᠺᠤ ᠪᠥᠮᠪᠦᠭᠡ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠬᠢᠴᠢᠶᠡᠯ ᠭᠠᠷᠭᠠᠵᠤ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠠᠢ ᠨᠢᠭᠲᠠ ᠵᠣᠯᠭᠠᠭᠤᠯᠵᠤ᠂ ᠵᠠᠯᠠᠭᠤᠴᠤᠳ ᠪᠠᠭᠠᠴᠤᠳ ᠤᠨ ᠰᠤᠷᠭᠠᠭᠤᠯᠢ ᠳᠡᠪᠰᠢᠬᠦ ᠵᠠᠮ ᠢ ᠰᠠᠭᠠᠳ | ᠦᠭᠡᠢ ᠨᠡᠪᠲᠡᠷᠡᠭᠦᠯᠬᠦ ᠶᠢᠨ ᠬᠠᠮᠲᠤ ᠴᠢᠳᠠᠪᠤᠷᠢᠲᠠᠨ ᠤᠷᠢᠬᠤ ᠲᠣᠭᠲᠠᠴᠠ ᠶᠢ ᠲᠡᠭᠦᠯᠳᠡᠷᠵᠢᠭᠦᠯᠵᠦ᠂ ᠲᠠᠮᠢᠷᠴᠢᠳ ᠢ ᠬᠥᠮᠦᠵᠢᠭᠦᠯᠬᠦ ᠪᠠᠷ ᠪᠠᠷᠠᠬᠤ ᠦᠭᠡᠢ ᠪᠠᠰᠠ | ᠪᠠᠭᠰᠢ ᠶᠢᠨ ᠬᠦᠴᠦᠨ ᠢ ᠬᠥᠮᠥᠵᠢᠭᠦᠯᠵᠦ᠂ ᠴᠢᠳᠠᠪᠤᠷᠢᠲᠠᠨ ᠤ ᠲᠣᠭᠲᠠᠭᠤᠨ ᠪᠥᠭᠡᠳ ᠵᠢᠷᠤᠮᠵᠢᠭᠰᠠᠨ ᠰᠢᠰᠲ᠋ᠧᠮ ᠢ ᠪᠠᠶᠢᠭᠤᠯᠬᠤ ᠬᠡᠷᠡᠭᠲᠡᠢ᠃ ︽ᠪᠡᠶ᠎ᠡ ᠶᠢᠨ ᠲᠠᠮᠢᠷ︾ | ᠢ ᠠᠭᠤᠰᠤᠯᠴᠠᠭᠤᠯᠤᠨ ᠬᠥᠭᠵᠢᠭᠦᠯᠬᠦ ᠵᠠᠭᠪᠤᠷ ᠢ ᠬᠠᠶᠢᠨ ᠰᠦᠪᠡᠭᠴᠢᠯᠡᠵᠦ᠂ ᠪᠤᠶᠢᠺᠤ ᠪᠥᠮᠪᠦᠭᠡ ᠶᠢᠨ ᠰᠣᠶᠣᠯ ᠤᠨ ᠲᠦᠷᠦᠯ ᠲᠡᠮᠳᠡᠭ ᠢᠶᠠᠷ ᠤᠷᠤᠯᠳᠤᠭᠠᠨ ᠤ ᠶᠠᠪᠤᠳᠠᠯ᠂ | ᠶᠠᠷᠢᠶᠠᠨ ᠤ ᠲᠠᠪᠴᠠᠩ᠂ ᠰᠣᠶᠣᠯ ᠵᠢᠭᠤᠯᠴᠢᠯᠠᠯ ᠵᠢᠴᠢ ᠲᠣᠨᠣᠭᠯᠠᠯ ᠦᠢᠯᠡᠳᠬᠦ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠢᠭᠡ ᠴᠤᠬᠴᠠᠵᠢᠭᠤᠯᠤᠬᠰᠠᠨ ᠠᠵᠤ | ᠦᠢᠯᠡᠰ ᠤᠨ ᠬᠡᠯᠬᠢᠶ᠎ᠡ ᠶᠢ ᠴᠣᠭᠴᠠᠯᠠᠬᠤ ᠬᠡᠷᠡᠭᠲᠡᠢ᠃ ᠪᠤᠶᠢᠺᠤ ᠪᠦᠮᠪᠦᠭᠡ ᠶᠢ ᠰᠤᠷᠭᠠᠭᠤᠯᠢ ᠶᠢᠨ ᠬᠦᠷᠢᠶ᠎ᠡ᠂ ᠨᠡᠶᠢᠭᠡᠮ ᠲᠣᠭᠤᠷᠢᠭ ᠲᠤ ᠣᠷᠣᠭᠤᠯᠬᠤ ᠶᠢ ᠥᠷᠭᠡᠨ ᠢᠶᠠᠷ | ᠥᠷᠨᠢᠭᠦᠯᠵᠦ᠂ ᠤᠯᠠᠨ ᠲᠦᠮᠡᠨ ᠤ ᠲᠦᠭᠡᠮᠡᠯᠵᠢᠭᠦᠯᠦᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠡᠨᠡᠬᠦ ᠬᠥᠳᠡᠯᠭᠡᠭᠡᠨ ᠢ ᠨᠡᠩ ᠰᠠᠶᠢᠲᠤᠷ ᠤᠯᠠᠮᠵᠢᠯᠠᠨ | ᠬᠥᠭᠵᠢᠭᠦᠯᠬᠦ ᠬᠡᠷᠡᠭᠲᠡᠢ ᠭᠡᠵᠡᠢ᠃ |