ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠳᠤ ᠬᠠᠤᠯᠢ ᠴᠠᠭᠠᠵᠠ ᠶᠢᠨ ᠬᠦᠴᠦᠨ ᠲᠤᠲᠠᠭᠳᠠᠵᠤ ᠦᠯᠦ ᠪᠣᠯᠣᠨ᠎ᠠ
ᠨᠡᠶᠢᠲᠡᠯᠡᠭᠰᠡᠨ ᠴᠠᠭ᠄
2024/12/20
       ᠡᠬᠡ ᠪᠠᠶᠢᠭᠠᠯᠢ᠂ ᠠᠮᠢᠲᠠᠨ ᠤᠷᠭᠤᠮᠠᠯ ᠨᠢ ᠵᠢᠮ᠎ᠡ ᠶᠣᠰᠣᠴᠢ ᠰᠢᠰᠲ᠋ᠧᠮ ᠲᠠᠢ ᠪᠠᠶᠢᠳᠠᠭ᠃ ᠪᠠᠶᠢᠭᠠᠯᠢ ᠶᠢᠨ ᠵᠢᠮ᠎ᠡ ᠶᠣᠰᠣ ᠠᠴᠠ ᠲᠡᠷᠰᠯᠡᠬᠦ ᠦᠭᠡᠢ᠂ ᠪᠠᠶᠢᠭᠠᠯᠢ ᠶᠢᠨ ᠨᠠᠷᠢᠨ ᠰᠢᠰᠲ᠋ᠧᠮ ᠢ ᠡᠪᠳᠡᠬᠦ ᠦᠭᠡᠢ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠵᠤ᠂ ᠠᠮᠢᠨ ᠲᠡᠵᠢᠭᠡᠯ ᠪᠣᠯᠤᠭᠰᠠᠨ ᠭᠠᠵᠠᠷ ᠤᠰᠤ ᠪᠠᠨ ᠬᠠᠶᠢᠷᠠᠯᠠᠨ ᠬᠢᠮᠠᠭᠠᠳᠠᠬᠤ ᠨᠢ ᠬᠥᠮᠥᠨ ᠪᠠᠶᠢᠭᠠᠯᠢ ᠡᠶ᠎ᠡ ᠵᠣᠬᠢᠴᠠᠯ ᠲᠠᠢ ᠣᠷᠣᠰᠢᠨ ᠲᠣᠭᠲᠠᠨᠢᠬᠤ ᠶᠢᠨ ᠵᠠᠩᠭᠢᠯᠠᠭ᠎ᠠ ᠪᠤᠯᠳᠠᠭ᠃ ᠲᠦᠷᠦᠭᠦᠬᠡᠨ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠵᠢᠷᠭᠤᠳᠤᠭᠠᠷ ᠬᠤᠷᠠᠯ ᠠᠴᠠ ︽ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠶᠢ ᠪᠦᠭᠦ ᠲᠠᠯ᠎ᠠ ᠪᠠᠷ ᠴᠠᠭᠠᠵᠠᠯᠠᠬᠤ᠂ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠶᠠᠨ ᠢᠳᠡᠬᠦ ᠮᠠᠭᠤ ᠳᠠᠳᠬᠠᠯ ᠢ ᠠᠷᠢᠯᠭᠠᠬᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠬᠤ ᠲᠤᠬᠠᠢ ᠲᠣᠭᠲᠠᠭᠠᠯ︾ ᠢ ᠪᠠᠲᠤᠯᠠᠪᠠ᠃ ᠮᠠᠨ ᠤ ᠣᠷᠣᠨ ᠤ ᠡᠯ᠎ᠡ ᠱᠠᠲᠤᠨ ᠤ ᠰᠢᠭᠦᠬᠦ ᠬᠤᠷᠢᠶ᠎ᠠ ᠬᠠᠤᠯᠢ ᠪᠠᠷᠢᠬᠤ ᠪᠠᠶᠢᠭᠤᠯᠭ᠎ᠠ ᠪᠣᠯᠤᠭᠰᠠᠨ ᠤ ᠬᠤᠪᠢ ᠳᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠵᠣ᠂ ︽ᠲᠣᠭᠲᠠᠭᠠᠯ︾ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠡᠭᠡᠷ᠎ᠡ ᠶᠢᠨ ᠠᠮᠢᠲᠠᠨ ᠲᠠᠢ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠶᠢ ᠲᠤᠯᠭᠠᠮ ᠡᠭᠦᠷᠭᠡ ᠪᠣᠯᠭᠠᠨ ᠠᠳᠬᠤᠵᠤ᠂ ᠬᠤᠪᠣᠷ ᠴᠤᠬᠠᠭ ᠤᠰᠠᠳᠬᠤ ᠰᠢᠬᠠᠭᠰᠠᠨ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠩᠨᠠᠭᠰᠠᠨ᠂ ᠠᠯᠠᠵᠤ ᠬᠥᠨᠥᠭᠡᠭᠰᠡᠨ᠂ ᠬᠤᠪᠣᠷ ᠴᠤᠬᠠᠭ ᠤᠰᠠᠳᠬᠤ ᠰᠢᠬᠠᠭᠰᠠᠨ ᠬᠡᠭᠡᠷ᠎ᠡ ᠶᠢᠨ ᠠᠮᠢᠲᠠᠨ ᠪᠠ ᠲᠡᠭᠦᠨ ᠤ ᠪᠦᠲᠦᠭᠡᠭᠳᠡᠬᠦᠨ ᠢ ᠬᠠᠤᠯᠢ ᠪᠤᠰᠤ ᠪᠠᠷ ᠬᠤᠳᠠᠯᠳᠤᠨ ᠠᠪᠤᠭᠰᠠᠨ᠂ ᠠᠷᠠᠯᠵᠢᠶᠠᠯᠠᠭᠰᠠᠨ᠂ ᠵᠥᠭᠡᠭᠡᠪᠦᠷᠢᠯᠡᠭᠰᠡᠨ ᠵᠡᠷᠭᠡ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ ᠪᠠᠶᠢᠨ᠎ᠠ᠃ ᠬᠠᠤᠯᠢ ᠪᠠᠷᠢᠵᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠤᠭᠤᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠳᠡᠭᠡᠷ᠎ᠡ ᠦᠨᠡᠨᠬᠦ ᠨᠢᠭᠡᠳᠬᠡᠵᠦ᠂ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠨᠡᠮᠡᠭᠳᠡᠭᠦᠯᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠭᠦᠨᠵᠡᠭᠡᠶᠢᠷᠡᠭᠦᠯᠵᠦ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯ ᠢ ᠤᠷᠲᠤ ᠬᠤᠭᠤᠴᠠᠭᠠᠨ ᠤ ᠤᠳᠠᠭᠠᠨ ᠳᠠᠭᠠᠭᠠᠮᠠᠭᠠᠢ ᠠᠵᠢᠯ ᠪᠣᠯᠭᠠᠨ ᠲᠤᠭᠤᠰᠢᠲᠠᠢ ᠠᠳᠬᠤᠪᠠᠯ ᠵᠣᠬᠢᠨ᠎ᠠ᠃ ᠬᠡᠭᠡᠷ᠎ᠡ ᠶᠢᠨ ᠠᠮᠢᠲᠠᠨ ᠲᠠᠢ ᠬᠤᠯᠪᠣᠭᠳᠠᠭᠰᠠᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠪᠠ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠦᠭᠰᠢᠭᠦᠷᠢ ᠶᠢ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠬᠤ ᠳᠤ ᠬᠠᠤᠯᠢᠵᠢᠯ ᠤᠨ ᠡᠷᠡᠰ ᠬᠠᠳᠠᠨ ᠵᠣᠷᠢᠭ᠂ ᠡᠷᠴᠢᠮᠯᠢᠭ ᠠᠷᠭ᠎ᠠ ᠬᠡᠮᠵᠢᠶ᠎ᠡ ᠲᠤᠲᠠᠭᠳᠠᠵᠤ ᠦᠯᠦ ᠪᠣᠯᠣᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ