ᠪᠦᠬᠦᠳᠠ ᠨᠡᠶᠢᠷᠡᠮᠳᠡᠬᠤ ᠲᠤᠮᠳᠡᠳᠦ ᠠᠷᠡᠦᠠ ᠤᠯᠦᠰ ᠤᠨ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠦᠯᠢ ︵4︶ | ︵1988 ᠤᠠ ᠤ 11 ᠰᠡᠷ᠎ᠠ ᠶᠢᠨ 8 ᠤ ᠡᠳᠦᠷ ᠲᠤᠯᠤᠳᠦᠭᠠᠷ ᠬᠤᠭᠤᠴᠡᠭᠠᠠ ᠤ ᠪᠦᠬᠦ ᠤᠯᠦᠰ ᠤᠨ ᠠᠷᠡᠦᠠ ᠤᠨ ᠲᠦᠯᠦᠭᠡᠯᠡᠭᠴᠢᠦᠠ ᠤᠨ ᠶᠡᠭᠡ | ᠬᠤᠷᠡᠯ ᠤᠨ ᠪᠠᠶᠢᠡᠭᠭᠤ ᠶᠢᠨ ᠬᠤᠷᠢᠶᠠᠨ ᠤ ᠲᠦᠷᠪᠡᠳᠤᠭᠡᠷ ᠬᠤᠷᠡᠯᠳᠦᠭᠠᠠ ᠠᠴᠠ ᠪᠡᠳᠦᠯᠡᠪᠡ | ᠠᠷᠪᠠᠨ ᠭᠤᠷᠪᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠵᠢᠴᠢ ᠲᠡᠭᠦᠨ ᠤ ᠬᠤᠯᠪᠤᠭᠳᠠᠯ ᠪᠦᠬᠦᠢ | ᠰᠠᠯᠠᠭ᠎ᠠ ᠮᠦᠴᠢᠷ ᠬᠤᠯᠪᠤᠭᠳᠠᠯ ᠪᠦᠬᠦᠢ ᠨᠡᠭᠡᠭᠡᠨ ᠠᠰᠢᠭᠯᠠᠬᠤ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠳᠠᠭᠠᠨ᠂ ᠭᠡᠭᠡᠷ᠎ᠡ ᠶᠢᠨ ᠠᠮᠢᠲᠠᠨ ᠵᠢᠴᠢ ᠲᠡᠭᠦᠨ ᠤ | ᠤᠷᠤᠰᠢᠨ ᠠᠮᠢᠳᠤᠷᠠᠬᠤ ᠭᠠᠵᠠᠷ ᠤᠨ ᠬᠠᠮᠠᠭᠠᠯᠠᠯᠲᠠ ᠶᠢᠨ ᠬᠡᠷᠡᠭᠴᠡᠭᠡ ᠶᠢ ᠭᠦᠢᠴᠡᠳ ᠪᠤᠳᠤᠯᠬᠢᠯᠠᠨ᠂ ᠲᠦᠯᠦᠪᠵᠢᠭᠦᠯᠭᠡ ᠶᠢᠨ ᠬᠡᠷᠡᠭᠵᠢᠭᠦᠯᠤᠯᠳᠠ ᠶᠢᠨ ᠭᠡᠭᠡᠷ᠎ᠡ ᠶᠢᠨ | ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠤᠨ ᠬᠠᠮᠠᠭᠠᠯᠠᠯᠲᠠ ᠳᠤ ᠦᠵᠡᠭᠦᠯᠵᠤ ᠮᠡᠳᠡᠬᠦ ᠪᠦᠬᠦ᠋ᠢᠯᠡ ᠴᠤᠭᠴᠠ ᠶᠢᠨ ᠨᠦᠯᠦᠭᠡ ᠶᠢ ᠵᠠᠳᠠᠯᠵᠦ᠂ | ᠤᠷᠢᠳᠴᠢᠯᠠᠨ ᠵᠢᠱᠢᠬᠦ ᠪᠠ ᠦᠨᠡᠯᠡᠨ ᠵᠢᠱᠢᠵᠤ᠂ ᠲᠦᠯᠦᠪᠵᠢᠭᠦᠯᠭᠡ ᠶᠢ ᠬᠡᠷᠡᠭᠵᠢᠭᠦᠯᠦᠭᠰᠡᠨ ᠠᠴᠠ ᠪᠤᠯᠵᠤ ᠡᠭᠦᠰᠴᠦ ᠮᠡᠳᠡᠬᠦ ᠠᠰᠢᠭ ᠦᠭᠡᠢ ᠦᠷ᠎ᠡ ᠨᠦᠯᠦᠭᠡ ᠠᠴᠠ | ᠵᠠᠶᠢᠯᠠᠰᠬᠢᠬᠦ ᠪᠤᠶᠤ ᠲᠡᠭᠦᠨ ᠢ ᠪᠠᠭᠠᠰᠬᠠᠬᠤ ᠬᠡᠷᠡᠭᠲᠡᠢ᠃ ᠬᠤᠯᠪᠤᠭᠳᠠᠯ ᠪᠦᠬᠦᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠦᠰᠡ ᠳᠤ ᠬᠠᠤᠯᠢ ᠴᠠᠭᠠᠵᠠ ᠬᠠᠤᠯᠢ | ᠲᠤᠭᠲᠠᠭᠠᠯ ᠳᠤ ᠪᠦᠲᠦᠭᠡᠨ ᠪᠠᠶᠢᠭᠤᠯᠵᠤ ᠪᠤᠯᠬᠤ ᠦᠭᠡᠢ ᠭᠡᠵᠦ ᠲᠤᠭᠲᠠᠭᠠᠭᠰᠠᠨ ᠲᠦᠰᠦᠯ ᠤᠨ ᠵᠦᠢᠯᠡᠰ ᠢ ᠪᠦᠲᠦᠭᠡᠨ ᠪᠠᠶᠢᠭᠤᠯᠬᠤ ᠶᠢ ᠴᠠᠭᠠᠵᠠᠯᠠᠨ᠎ᠠ᠃ ᠨᠢᠰᠬᠡᠯ ᠤᠨ | ᠪᠠᠭᠤᠳᠠᠯ᠂ ᠲᠡᠮᠦᠷ ᠵᠠᠮ᠂ ᠵᠠᠰᠠᠮᠠᠯ ᠵᠠᠮ᠂ ᠤᠰᠤᠨ ᠠᠰᠢᠭᠯᠠᠯᠲᠠ ᠤᠰᠤᠨ ᠴᠠᠬᠢᠯᠭᠠᠨ᠂ ᠪᠦᠰᠡᠯᠡᠭᠦᠷ ᠬᠠᠰᠢᠯᠭ᠎ᠠ᠂ ᠳᠠᠯᠠᠢ ᠶᠢ ᠬᠦᠷᠢᠶᠡᠯᠡᠨ ᠪᠦᠭᠯᠡᠬᠦ ᠵᠡᠷᠭᠡ ᠪᠦᠲᠦᠭᠡᠨ | ᠪᠠᠶᠢᠭᠤᠯᠬᠤ ᠲᠦᠰᠦᠯ ᠤᠨ ᠵᠦᠢᠯᠡᠰ ᠤᠨ ᠪᠠᠶᠢᠷᠢ ᠪᠤᠯᠤᠨ ᠵᠠᠮ ᠱᠤᠭᠤᠮ ᠢ ᠰᠤᠩᠭᠤᠬᠤ ᠳᠠᠭᠠᠨ ᠬᠤᠯᠪᠤᠭᠳᠠᠯ ᠪᠦᠬᠦᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ | ᠪᠦᠰᠡ᠂ ᠭᠡᠭᠡᠷ᠎ᠡ ᠶᠢᠨ ᠠᠮᠢᠲᠠᠨ ᠤ ᠨᠡᠭᠦᠳᠡᠯᠯᠡᠨ ᠲᠤᠭᠤᠷᠢᠬᠤ ᠵᠠᠮ ᠠᠴᠠ ᠵᠠᠶᠢᠯᠠᠰᠬᠢᠬᠦ ᠬᠡᠷᠡᠭᠲᠡᠢ︔ ᠵᠠᠶᠢᠯᠠᠬᠤ ᠶᠢᠨ ᠠᠷᠭ᠎ᠠ ᠦᠭᠡᠢ ᠪᠠᠶᠢᠪᠠᠯ᠂ ᠭᠡᠭᠡᠷ᠎ᠡ ᠶᠢᠨ ᠠᠮᠢᠲᠠᠨ ᠤ | ᠦᠡᠭᠭᠡᠷᠡᠭᠦ ᠵᠠᠮ᠂ ᠵᠢᠭᠠᠰᠤ ᠦᠡᠭᠭᠡᠷᠡᠬᠦ ᠲᠦᠬᠦᠭᠡᠷᠦᠮᠵᠢ ᠶᠢ ᠵᠠᠰᠠᠵᠤ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠭᠡᠭᠡᠷᠡᠶᠢᠨ ᠠᠮᠢᠲᠠᠨ ᠳᠤ ᠦᠵᠡᠭᠦᠯᠬᠦ ᠠᠰᠢᠭ | ᠦᠭᠡᠢ ᠨᠦᠯᠦᠭᠡ ᠶᠢ ᠠᠷᠢᠯᠭᠠᠬᠤ ᠪᠤᠶᠤ ᠪᠠᠭᠠᠰᠬᠠᠬᠤ ᠬᠡᠷᠡᠭᠲᠡᠢ᠃ ᠪᠦᠲᠦᠭᠡᠨ ᠪᠠᠶᠢᠭᠤᠯᠬᠤ ᠲᠦᠰᠦᠯ ᠤᠨ ᠵᠦᠢᠯᠡᠰ ᠨᠢ ᠬᠤᠯᠪᠤᠭᠳᠠᠯ ᠪᠦᠬᠦᠢ ᠪᠠᠶᠢᠭᠠᠯᠢ ᠶᠢᠨ | ᠬᠠᠮᠠᠭᠠᠯᠠᠯᠲᠠ ᠶᠢᠨ ᠤᠷᠤᠨ ᠪᠦᠰᠡ᠂ ᠭᠡᠭᠡᠷ᠎ᠡ ᠶᠢᠨ ᠠᠮᠢᠲᠠᠨ ᠤ ᠨᠡᠭᠦᠳᠡᠯᠯᠡᠨ ᠲᠤᠭᠤᠷᠢᠬᠤ ᠵᠠᠮ ᠢ ᠨᠦᠯᠦᠭᠡᠯᠡᠵᠤ ᠮᠡᠳᠡᠭᠦ ᠳᠤ ᠬᠦᠷᠪᠡᠯ᠂ ᠤᠷᠴᠢᠨ ᠠᠬᠤᠢ ᠶᠢᠨ | ᠨᠦᠯᠦᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠬᠢᠨᠠᠨ ᠵᠦᠪᠰᠢᠶᠡᠷᠡᠬᠦ ᠰᠠᠯᠠᠭ᠎ᠠ ᠮᠦᠴᠢᠷ ᠤᠷᠴᠢᠨ ᠠᠬᠤᠢ ᠶᠢᠨ ᠨᠦᠯᠦᠭᠡᠯᠡᠯ ᠤᠨ ᠦᠨᠡᠯᠡᠯᠲᠡ ᠶᠢᠨ ᠪᠢᠴᠢᠭ | ᠮᠠᠲ᠋ᠧᠷᠢᠶᠠᠯ ᠢ ᠬᠢᠨᠠᠨ ᠵᠦᠪᠰᠢᠶᠡᠷᠡᠬᠦ ᠳᠡᠭᠡᠨ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠳᠤ ᠬᠤᠯᠪᠤᠭᠳᠠᠭᠰᠠᠨ ᠢ ᠨᠢ ᠲᠦᠷᠦ ᠶᠢᠨ | ᠶᠠᠪᠤᠳᠠᠯ ᠤᠨ ᠬᠤᠷᠢᠶᠠᠨ ᠤ ᠭᠡᠭᠡᠷᠡᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠰᠠᠨᠠᠯ ᠬᠤᠷᠢᠶᠠᠬᠤ ᠬᠡᠷᠡᠭᠲᠡᠢ︔ ᠤᠷᠤᠨ | ᠨᠤᠲᠤᠭ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠳᠤ ᠬᠤᠯᠪᠤᠭᠳᠠᠭᠰᠠᠨ ᠢ ᠨᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ | ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷᠡᠴᠠ ᠰᠠᠨᠠᠯ ᠬᠤᠷᠢᠶᠠᠬᠤ | ᠬᠡᠷᠡᠭᠲᠡᠢ᠃ | ᠠᠷᠪᠠᠨ ᠳᠦᠷᠪᠡᠳᠦᠭᠡᠷ ᠵᠦᠢᠯ ᠡᠯ᠎ᠡ ᠱᠠᠲᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠭᠡᠭᠡᠷ᠎ᠡ ᠶᠢᠨ | ᠠᠮᠢᠲᠠᠨ ᠳᠤ ᠦᠵᠡᠭᠦᠯᠬᠦ ᠤᠷᠴᠢᠨ ᠠᠬᠤᠢ ᠶᠢᠨ ᠨᠦᠯᠦᠭᠡ ᠶᠢ ᠬᠢᠨᠠᠨ ᠠᠵᠢᠭᠯᠠᠬᠤ ᠪᠠ ᠬᠢᠨᠠᠨ ᠬᠡᠮᠵᠢᠬᠦ ᠬᠡᠷᠡᠭᠲᠡᠢ᠃ ᠤᠷᠴᠢᠨ ᠠᠬᠤᠢ ᠶᠢᠨ ᠨᠦᠯᠦᠭᠡ ᠠᠴᠠ ᠪᠤᠯᠵᠤ | ᠭᠡᠭᠡᠷ᠎ᠡ ᠶᠢᠨ ᠠᠮᠢᠲᠠᠨ ᠳᠤ ᠬᠤᠤᠷ ᠬᠦᠨᠦᠭᠡᠯ ᠤᠴᠠᠷᠠᠭᠤᠯᠬᠤ ᠦᠶ᠎ᠡ ᠳᠤ᠂ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ | ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠵᠤ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠤᠯᠤᠰ ᠤᠨ ᠪᠤᠶᠤ ᠤᠷᠤᠨ ᠨᠤᠲᠤᠭ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠪᠠᠶᠢᠭᠠᠯᠢ ᠶᠢᠨ ᠭᠠᠮᠰᠢᠭ᠂ | ᠤᠷᠴᠢᠨ ᠠᠬᠤᠢ ᠶᠢ ᠪᠤᠬᠢᠷᠳᠤᠭᠤᠯᠤᠭᠰᠠᠨ ᠬᠦᠨᠳᠦ ᠶᠡᠭᠡ ᠠᠳᠡᠯ ᠵᠡᠷᠭᠡ ᠬᠡᠨᠡᠳᠳᠡ ᠶᠢᠨ ᠬᠡᠷᠡᠭ ᠤᠨ ᠰᠦᠷᠳᠡᠭᠦᠯᠦᠯ ᠳᠤ ᠤᠴᠠᠷᠠᠬᠤ ᠦᠶ᠎ᠡ ᠳᠤ᠂ ᠲᠤᠬᠠᠢ ᠶᠢᠨ | ᠭᠠᠵᠠᠷ ᠤᠨ ᠠᠷᠠᠳ ᠤᠨ ᠵᠠᠰᠠᠭ ᠤᠨ ᠤᠷᠳᠤᠨ ᠴᠠᠭ ᠲᠤᠬᠠᠢ ᠳᠤᠨᠢ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ | ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠭᠡᠭᠡᠷ᠎ᠡ ᠶᠢᠨ ᠠᠮᠢᠲᠠᠨ ᠢ ᠬᠤᠷᠢᠶᠠᠮᠵᠢᠯᠠᠨ ᠠᠪᠤᠷᠠᠨ ᠲᠤᠰᠠᠯᠠᠬᠤ ᠠᠵᠢᠯ ᠢ ᠵᠤᠬᠢᠶᠠᠨ ᠪᠠᠶᠢᠭᠤᠯᠵᠤ | ᠦᠷᠨᠢᠭᠦᠯᠬᠦ ᠬᠡᠷᠡᠭᠲᠡᠢ᠃ ᠭᠡᠭᠡᠷ᠎ᠡ ᠶᠢᠨ ᠠᠮᠢᠲᠠᠨ ᠢ ᠬᠤᠷᠢᠶᠠᠮᠵᠢᠯᠠᠨ ᠠᠪᠤᠷᠠᠨ ᠲᠤᠰᠠᠯᠠᠬᠤ ᠨᠡᠷ᠎ᠡ ᠪᠠᠷ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢ | ᠬᠤᠳᠠᠯᠳᠤᠭᠠᠯᠠᠬᠤ ᠶᠢ ᠴᠠᠭᠠᠵᠠᠯᠠᠨ᠎ᠠ᠃ | ᠠᠷᠪᠠᠨ ᠵᠢᠷᠭᠤᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠂ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤᠰᠢᠶᠠᠯ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ | ᠶᠤᠰᠤᠭᠠᠷ ᠭᠡᠭᠡᠷ᠎ᠡ ᠶᠢᠨ ᠠᠮᠢᠲᠠᠨ ᠤ ᠬᠢᠵᠢᠭ ᠤᠨ ᠰᠤᠷᠪᠤᠯᠵᠢ ᠬᠢᠵᠢᠭ ᠡᠪᠡᠳᠴᠢᠨ ᠳᠤ ᠬᠢᠨᠠᠨ ᠬᠡᠮᠵᠢᠯᠲᠡ ᠬᠢᠵᠦ᠂ ᠤᠷᠢᠳᠴᠢᠯᠠᠨ ᠵᠢᠱᠢᠬᠦ᠂ ᠤᠷᠢᠳᠴᠢᠯᠠᠨ ᠮᠡᠳᠡᠭᠡᠯᠡᠬᠦ | ᠵᠡᠷᠭᠡ ᠠᠵᠢᠯ ᠢ ᠵᠤᠬᠢᠶᠠᠨ ᠪᠠᠶᠢᠭᠤᠯᠵᠤ ᠦᠷᠨᠢᠭᠦᠯᠬᠦ ᠶᠢᠨ ᠬᠠᠮᠲᠤ ᠲᠤᠭᠲᠠᠭᠠᠯ ᠶᠤᠰᠤᠭᠠᠷ ᠭᠡᠭᠡᠷ᠎ᠡ ᠶᠢᠨ ᠠᠮᠢᠲᠠᠨ ᠤ ᠬᠢᠵᠢᠭ ᠤᠨ ᠪᠠᠶᠢᠳᠠᠯ ᠢ ᠪᠠᠴᠢᠮ ᠠᠷᠭᠠᠴᠠᠬᠤ | ᠪᠡᠯᠡᠳᠬᠡᠯ ᠲᠦᠰᠦᠯ ᠲᠤᠭᠲᠠᠭᠠᠵᠤ᠂ ᠠᠳᠠᠯᠢ ᠱᠠᠲᠤᠨ ᠤ ᠪᠠᠨ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠵᠤ ᠵᠦᠪᠰᠢᠶᠡᠷᠡᠭᠦᠯᠬᠦ ᠪᠤᠶᠤ ᠳᠠᠩᠰᠠᠯᠠᠭᠤᠯᠬᠤ ᠬᠡᠷᠡᠭᠲᠡᠢ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠂ | ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠂ ᠡᠷᠡᠭᠦᠯ ᠬᠠᠮᠠᠭᠠᠯᠠᠯ ᠤᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤᠰᠢᠶᠠᠯ ᠬᠠᠷᠢᠭᠤᠴᠠᠯᠭ᠎ᠠ ᠶᠢᠨ ᠢᠶᠠᠨ | ᠬᠤᠪᠢᠶᠠᠷᠢᠯᠠᠯ ᠶᠤᠰᠤᠭᠠᠷ ᠬᠦᠮᠦᠨ ᠮᠠᠯ ᠳᠤ ᠬᠠᠯᠳᠠᠪᠤᠷᠢᠯᠠᠳᠠᠭ ᠬᠠᠯᠳᠠᠪᠤᠷᠢᠲᠤ ᠡᠪᠡᠳᠴᠢᠨ ᠲᠠᠢ ᠬᠤᠯᠪᠤᠭᠳᠠᠭᠰᠠᠨ ᠠᠮᠢᠲᠠᠨ ᠤ ᠬᠠᠯᠳᠠᠪᠤᠷᠢᠲᠤ ᠡᠪᠡᠳᠴᠢᠨ ᠢ | ᠰᠡᠷᠬᠡᠶᠢᠯᠡᠨ ᠵᠠᠰᠠᠬᠤ ᠪᠠ ᠬᠠᠮᠢᠶᠠᠷᠬᠤ ᠠᠵᠢᠯ ᠢ ᠬᠠᠷᠢᠭᠤᠴᠠᠬᠤ ᠬᠡᠷᠡᠭᠲᠡᠢ᠃ | ᠠᠷᠪᠠᠨ ᠲᠤᠯᠤᠳᠤᠭᠠᠷ ᠵᠦᠢᠯ ᠤᠯᠤᠰ ᠠᠴᠠ ᠭᠡᠭᠡᠷ᠎ᠡ ᠶᠢᠨ ᠠᠮᠢᠲᠠᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠮᠦᠬᠦᠬᠦ | ᠰᠢᠬᠠᠭᠰᠠᠨ ᠭᠡᠭᠡᠷ᠎ᠡ ᠶᠢᠨ ᠠᠮᠢᠲᠠᠨ ᠳᠤ ᠠᠪᠤᠷᠠᠯᠲᠠ ᠶᠢᠨ ᠴᠢᠨᠠᠷᠲᠠᠢ ᠬᠠᠮᠠᠭᠠᠯᠠᠯᠲᠠ ᠬᠢᠨ᠎ᠡ᠃ ᠲᠦᠷᠦ ᠶᠢᠨ ᠶᠠᠪᠤᠳᠠᠯ ᠤᠨ ᠬᠤᠷᠢᠶᠠᠨ ᠤ ᠭᠡᠭᠡᠷ᠎ᠡ ᠶᠢᠨ ᠠᠮᠢᠲᠠᠨ ᠤ | ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠵᠤ | ᠭᠡᠭᠡᠷ᠎ᠡ ᠶᠢᠨ ᠠᠮᠢᠲᠠᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠲᠦᠯᠦᠪᠵᠢᠭᠦᠯᠭᠡ ᠲᠤᠭᠲᠠᠭᠠᠵᠤ᠂ ᠤᠯᠤᠰ ᠤᠨ ᠭᠡᠭᠡᠷ᠎ᠡ ᠶᠢᠨ ᠠᠮᠢᠲᠠᠨ ᠤ | ᠤᠳᠤᠮᠯᠠᠯ ᠤᠨ ᠡᠬᠢ ᠪᠠᠶᠠᠯᠢᠭ ᠤᠨ ᠭᠧᠨ ᠤ ᠬᠦᠮᠦᠷᠭᠡ ᠶᠢ ᠪᠠᠶᠢᠭᠤᠯᠵᠤ᠂ ᠮᠠᠨ ᠤ ᠤᠯᠤᠰ ᠤᠨ ᠤᠭ ᠭᠠᠷᠤᠯ ᠲᠠᠢ ᠬᠤᠪᠤᠷ ᠨᠠᠨᠳᠢᠨ᠂ ᠮᠦᠬᠦᠬᠦ ᠰᠢᠬᠠᠭᠰᠠᠨ | ᠭᠡᠭᠡᠷ᠎ᠡ ᠶᠢᠨ ᠠᠮᠢᠲᠠᠨ ᠤ ᠤᠳᠤᠮᠯᠠᠯ ᠤᠨ ᠡᠬᠢ ᠪᠠᠶᠠᠯᠢᠭ ᠢ ᠭᠤᠤᠯᠳᠠᠯᠭ᠎ᠠ ᠲᠠᠢ ᠪᠠᠷ ᠬᠠᠮᠠᠭᠠᠯᠠᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠬᠤᠯᠪᠤᠭᠳᠠᠯ ᠪᠦᠬᠦᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠠᠷᠭ᠎ᠠ ᠬᠡᠮᠵᠢᠶ᠎ᠡ ᠠᠪᠴᠤ᠂ ᠭᠡᠭᠡᠷ᠎ᠡ ᠶᠢᠨ | ᠠᠮᠢᠲᠠᠨ ᠤ ᠤᠴᠠᠷᠠᠭᠤᠯᠵᠤ ᠮᠡᠳᠡᠬᠦ ᠬᠤᠤᠷ ᠬᠦᠨᠦᠭᠡᠯ ᠢ ᠰᠡᠷᠬᠡᠶᠢᠯᠡᠨ ᠬᠤᠷᠢᠭᠯᠠᠵᠤ᠂ ᠬᠦᠮᠦᠨ ᠮᠠᠯ ᠤᠨ ᠠᠮᠤᠷ ᠲᠦᠪᠰᠢᠨ ᠪᠠ ᠲᠠᠷᠢᠶᠠᠯᠠᠩ᠂ ᠤᠢ ᠰᠢᠭᠤᠢ ᠶᠢᠨ | ᠦᠢᠯᠡᠳᠪᠦᠷᠢᠯᠡᠯ ᠢ ᠪᠠᠲᠤᠯᠠᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠲᠤᠰ ᠬᠠᠤᠯᠢ ᠳᠤ ᠬᠠᠮᠠᠭᠠᠯᠠᠬᠤ ᠪᠠᠷ ᠲᠤᠭᠲᠠᠭᠠᠭᠰᠠᠨ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠠᠴᠠ ᠪᠤᠯᠵᠤ᠂ ᠬᠦᠮᠦᠨ ᠢ | ᠦᠭᠦᠭᠦᠯᠵᠦ ᠰᠢᠷᠬᠠᠲᠤᠭᠤᠯᠤᠭᠰᠠᠨ᠂ ᠲᠠᠷᠢᠮᠠᠯ ᠤᠨ ᠵᠦᠢᠯ ᠪᠤᠶᠤ ᠪᠤᠰᠤᠳ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠤᠬᠠᠢ ᠶᠢᠨ ᠭᠠᠵᠠᠷ ᠤᠨ | ᠠᠷᠠᠳ ᠤᠨ ᠵᠠᠰᠠᠭ ᠤᠨ ᠤᠷᠳᠤᠨ ᠠᠴᠠ ᠨᠦᠬᠦᠪᠦᠷᠢ ᠦᠭᠭᠦᠨ᠎ᠡ᠃ ᠪᠤᠳᠠᠲᠠᠢ ᠠᠷᠭ᠎ᠠ ᠶᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠤᠷᠳᠤᠨ ᠠᠴᠠ ᠲᠤᠭᠲᠠᠭᠠᠨ᠎ᠠ᠃ ᠬᠤᠯᠪᠤᠭᠳᠠᠯ ᠪᠦᠬᠦᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠳᠠᠭᠠᠳᠬᠠᠯ ᠤᠨ | ᠪᠠᠶᠢᠭᠤᠯᠤᠮᠵᠢ ᠶᠢᠨ ᠭᠡᠭᠡᠷ᠎ᠡ ᠶᠢᠨ ᠠᠮᠢᠲᠠᠨ ᠤ ᠬᠤᠬᠢᠷᠠᠯ ᠤᠴᠠᠷᠠᠭᠤᠯᠤᠭᠰᠠᠨ ᠲᠦᠯᠦᠪᠦᠷᠢ ᠶᠢᠨ ᠲᠠᠭᠠᠳᠬᠠᠯ ᠤᠨ ᠲᠤᠬᠠᠶᠢᠯᠠᠭᠰᠠᠨ ᠠᠵᠢᠯ ᠦᠷᠨᠢᠭᠦᠯᠬᠦ ᠶᠢ ᠠᠬᠢᠭᠤᠯᠵᠤ | ᠪᠤᠯᠤᠨ᠎ᠠ᠃ ᠬᠤᠯᠪᠤᠭᠳᠠᠯ ᠪᠦᠬᠦᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠤ | ᠬᠤᠤᠷ ᠬᠦᠨᠦᠭᠡᠯ ᠤᠴᠠᠷᠠᠭᠤᠯᠬᠤ ᠶᠢ ᠰᠡᠷᠬᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠠᠪᠬᠤ ᠵᠢᠴᠢ ᠨᠦᠬᠦᠪᠦᠷᠢ ᠦᠭᠭᠦ ᠶᠢ ᠬᠡᠷᠡᠭᠵᠢᠭᠦᠯᠬᠦ ᠳᠤ ᠬᠡᠷᠡᠭᠰᠡᠬᠦ ᠵᠠᠷᠤᠳᠠᠯ ᠳᠤ | ᠲᠦᠪ ᠤᠨ ᠡᠳ᠋ ᠤᠨ ᠵᠠᠰᠠᠭ ᠠᠴᠠ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠨᠦᠬᠦᠪᠦᠷᠢ ᠦᠭᠭᠦᠨ᠎ᠡ᠃ |