ᠪᠦᠬᠦᠳᠠ ᠨᠡᠶᠢᠷᠡᠮᠳᠡᠬᠤ ᠲᠤᠮᠳᠡᠳᠦ ᠠᠷᠡᠦᠠ ᠤᠯᠦᠰ ᠤᠨ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠦᠯᠢ ︵3︶ | ︵1988 ᠤᠠ ᠤ 11 ᠰᠡᠷ᠎ᠠ ᠶᠢᠨ 8 ᠤ ᠡᠳᠦᠷ ᠲᠤᠯᠤᠳᠦᠭᠠᠷ ᠬᠤᠭᠤᠴᠡᠭᠠᠠ ᠤ ᠪᠦᠬᠦ ᠤᠯᠦᠰ ᠤᠨ ᠠᠷᠡᠦᠠ ᠤᠨ ᠲᠦᠯᠦᠭᠡᠯᠡᠭᠴᠢᠦᠠ ᠤᠨ ᠶᠡᠭᠡ | ᠬᠤᠷᠡᠯ ᠤᠨ ᠪᠠᠶᠢᠡᠭᠭᠤ ᠶᠢᠨ ᠬᠤᠷᠢᠶᠠᠨ ᠤ ᠲᠦᠷᠪᠡᠳᠤᠭᠡᠷ ᠬᠤᠷᠡᠯᠳᠦᠭᠠᠠ ᠠᠴᠠ ᠪᠡᠳᠦᠯᠡᠪᠡ | ᠬᠤᠶᠠᠳᠤᠭᠠᠷ ᠪᠦᠯᠦᠭ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠤᠨ ᠬᠠᠮᠠᠭᠠᠯᠠᠯᠲᠠ | ᠠᠷᠪᠠᠳᠤᠭᠠᠷ ᠵᠦᠢᠯ ᠤᠯᠤᠰ ᠠᠴᠠ ᠭᠡᠭᠡᠷ᠎ᠡ ᠶᠢᠨ ᠠᠮᠢᠲᠠᠨ ᠢ ᠲᠦᠷᠦᠯ ᠠᠩᠭᠢᠯᠠᠨ ᠳᠡᠰ ᠬᠤᠪᠢᠶᠠᠵᠤ ᠬᠠᠮᠠᠭᠠᠯᠠᠨ᠎ᠠ᠃ ᠤᠯᠤᠰ ᠠᠴᠠ ᠬᠤᠪᠤᠷ ᠨᠠᠨᠳᠢᠨ᠂ | ᠮᠦᠬᠦᠬᠦ ᠰᠢᠬᠠᠭᠰᠠᠨ ᠭᠡᠭᠡᠷ᠎ᠡ ᠶᠢᠨ ᠠᠮᠢᠲᠠᠨ ᠢ ᠭᠤᠤᠯᠳᠠᠯᠭ᠎ᠠ ᠲᠠᠢ ᠬᠠᠮᠠᠭᠠᠯᠠᠨ᠎ᠠ᠃ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠢ ᠨᠢᠭᠡᠳᠦᠭᠡᠷ | ᠳᠡᠰ ᠤᠨ ᠬᠠᠮᠠᠭᠠᠯᠠᠯᠲᠠ ᠶᠢᠨ ᠭᠡᠭᠡᠷ᠎ᠡ ᠶᠢᠨ ᠠᠮᠢᠲᠠᠨ ᠪᠠ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠭᠡᠭᠡᠷ᠎ᠡ ᠶᠢᠨ ᠠᠮᠢᠲᠠᠨ ᠭᠡᠵᠦ ᠬᠤᠪᠢᠶᠠᠨ᠎ᠠ᠃ ᠤᠯᠤᠰ ᠤᠨ | ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠤ ᠨᠡᠷᠡᠰ ᠢ ᠲᠦᠷᠦ ᠶᠢᠨ ᠶᠠᠪᠤᠳᠠᠯ ᠤᠨ ᠬᠤᠷᠢᠶᠠᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠠᠴᠠ ᠵᠤᠬᠢᠶᠠᠨ ᠪᠠᠶᠢᠭᠤᠯᠵᠤ ᠪᠠᠶᠢᠭᠠᠳ ᠰᠢᠨᠵᠢᠯᠡᠬᠦ ᠤᠬᠠᠭᠠᠨᠴᠢ ᠦᠨᠡᠯᠡᠨ ᠵᠢᠱᠢᠯᠲᠡ ᠬᠢᠭᠰᠡᠨ ᠤ ᠳᠠᠷᠠᠭ᠎ᠠ ᠲᠤᠭᠲᠠᠭᠠᠬᠤ ᠪᠦᠭᠡᠤᠡ | ᠲᠠᠪᠤᠨ ᠵᠢᠯ ᠪᠦᠷᠢ ᠦᠨᠡᠯᠡᠨ ᠵᠢᠱᠢᠭᠰᠡᠨ ᠪᠠᠶᠢᠳᠠᠯ ᠢ ᠦᠨᠳᠦᠰᠦᠯᠡᠨ ᠨᠡᠷᠡᠰ ᠲᠤ ᠲᠤᠬᠢᠷᠠᠭᠤᠯᠤᠯᠲᠠ ᠬᠢᠨ᠎ᠠ᠃ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ | ᠭᠡᠭᠡᠷ᠎ᠡ ᠶᠢᠨ ᠠᠮᠢᠲᠠᠨ ᠤ ᠨᠡᠷᠡᠰ ᠢ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠤ ᠵᠦᠪᠰᠢᠶᠡᠷᠡᠭᠦᠯᠦᠭᠡᠳ ᠨᠡᠶᠢᠲᠡᠯᠡᠨ᠎ᠡ᠃ ᠤᠷᠤᠨ ᠨᠤᠲᠤᠭ ᠤᠨ | ᠭᠤᠤᠯᠳᠠᠯᠭ᠎ᠠᠲ᠋ᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠭᠡᠳᠡᠭ ᠨᠢ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠠᠴᠠ ᠭᠠᠳᠠᠨ᠎ᠠ᠂ ᠮᠤᠵᠢ᠂ | ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠢ ᠵᠢᠭᠠᠵᠤ ᠪᠠᠶᠢᠨ᠎ᠠ᠃ ᠤᠷᠤᠨ | ᠨᠤᠲᠤᠭ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠤ ᠨᠡᠷᠡᠰ ᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠵᠤ ᠪᠠᠶᠢᠭᠠᠳ ᠰᠢᠨᠵᠢᠯᠡᠬᠦ ᠤᠬᠠᠭᠠᠨᠴᠢ ᠦᠨᠡᠯᠡᠨ ᠵᠢᠱᠢᠯᠲᠡ ᠬᠢᠭᠰᠡᠨ ᠤ ᠳᠠᠷᠠᠭ᠎ᠠ ᠲᠤᠭᠲᠠᠭᠠᠵᠤ᠂ | ᠲᠤᠬᠢᠷᠠᠭᠤᠯᠤᠯᠳᠠ ᠬᠢᠬᠦ ᠶᠢᠨ ᠬᠠᠮᠲᠤ ᠨᠡᠶᠢᠲᠡᠯᠡᠨ᠎ᠡ᠃ ᠠᠮᠢ ᠠᠬᠤᠢ ᠶᠢᠨ᠂ ᠰᠢᠨᠵᠢᠯᠡᠬᠦ ᠤᠬᠠᠭᠠᠨ ᠤ᠂ ᠨᠡᠶᠢᠭᠡᠮ ᠤᠨ ᠴᠢᠬᠤᠯᠠ ᠦᠨ᠎ᠡ ᠦᠷᠲᠡᠭ ᠲᠠᠢ ᠬᠠᠭᠤᠷᠠᠢ ᠶᠢᠨ | ᠭᠡᠭᠡᠷ᠎ᠡ ᠶᠢᠨ ᠠᠮᠢᠲᠠᠨ ᠤ ᠨᠡᠷᠡᠰ ᠢ ᠲᠦᠷᠦ ᠶᠢᠨ ᠶᠠᠪᠤᠳᠠᠯ ᠤᠨ ᠬᠤᠷᠢᠶᠠᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠠᠴᠠ ᠵᠤᠬᠢᠶᠠᠨ ᠪᠠᠶᠢᠭᠤᠯᠵᠦ ᠪᠠᠶᠢᠭᠠᠳ ᠰᠢᠨᠵᠢᠯᠡᠬᠦ ᠤᠬᠠᠭᠠᠨᠴᠢ ᠦᠨᠡᠯᠡᠨ ᠵᠢᠱᠢᠯᠲᠡ ᠬᠢᠭᠰᠡᠨ ᠤ ᠲᠠᠷᠠᠭ᠎ᠠ ᠲᠤᠭᠲᠠᠭᠠᠵᠤ᠂ ᠲᠤᠬᠢᠷᠠᠭᠤᠯᠤᠯᠳᠠ ᠬᠢᠬᠦ ᠶᠢᠨ | ᠬᠠᠮᠲᠤ ᠨᠡᠶᠢᠲᠡᠯᠡᠨ᠎ᠡ᠃ | ᠠᠷᠪᠠᠨ ᠨᠢᠭᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠬᠤᠯᠪᠤᠭᠳᠠᠯ ᠪᠦᠬᠦᠢ ᠰᠢᠨᠵᠢᠯᠡᠭᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠲᠤᠭᠲᠠᠮᠠᠯ ᠬᠤᠭᠤᠴᠠᠭ᠎ᠠ ᠲᠠᠢ ᠪᠠᠷ | ᠵᠤᠬᠢᠶᠠᠨ ᠪᠠᠶᠢᠭᠤᠯᠬᠤ ᠪᠤᠶᠤ ᠲᠡᠭᠦᠨ ᠳ᠋ᠤ᠋ ᠨᠠᠶᠢᠳᠠᠵᠤ ᠪᠠᠶᠢᠭᠠᠳ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠤᠨ ᠪᠠᠶᠢᠳᠠᠯ ᠤᠨ ᠲᠤᠬᠠᠢ | ᠪᠠᠶᠢᠴᠠᠭᠠᠯᠲᠠ᠂ ᠬᠢᠨᠠᠨ ᠬᠡᠮᠵᠢᠯᠲᠡ ᠪᠠ ᠦᠨᠡᠯᠡᠨ ᠵᠢᠱᠢᠯᠲᠡ ᠬᠢᠯᠭᠡᠵᠤ᠂ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠤᠨ ᠲᠤᠬᠠᠢ | ᠳᠠᠩᠰᠠ ᠡᠪᠬᠡᠮᠡᠯ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠤᠨ ᠪᠠᠶᠢᠳᠠᠯ ᠤᠨ ᠲᠤᠬᠠᠢ | ᠪᠠᠶᠢᠴᠠᠭᠠᠯᠲᠠ᠂ ᠬᠢᠨᠠᠨ ᠬᠡᠮᠵᠢᠯᠲᠡ ᠪᠠ ᠦᠨᠡᠯᠡᠨ ᠵᠢᠱᠢᠯᠳᠡ ᠳᠤ ᠲᠤᠤᠷ᠎ᠠ ᠵᠢᠭᠰᠠᠭᠠᠭᠰᠠᠨ ᠠᠭᠤᠯᠭ᠎ᠠ ᠶᠢ ᠪᠠᠭᠲᠠᠭᠠᠬᠤ ᠬᠡᠷᠡᠭᠲᠡᠢ᠄ ︵ᠨᠢᠭᠡ︶ ᠭᠡᠭᠡᠷ᠎ᠡ ᠶᠢᠨ | ᠠᠮᠢᠲᠠᠨ ᠤ ᠭᠡᠭᠡᠷ᠎ᠡ ᠶᠢᠨ ᠲᠠᠷᠬᠠᠯᠲᠠ ᠶᠢᠨ ᠤᠷᠤᠨ ᠪᠦᠰᠡ᠂ ᠳᠦᠷᠰᠦ ᠶᠢᠨ ᠰᠦᠷᠦᠭ ᠤᠨ ᠲᠤᠭ᠎ᠠ ᠬᠡᠮᠵᠢᠶ᠎ᠡ ᠵᠢᠴᠢ ᠪᠦᠲᠦᠴᠡ︔ ︵ᠬᠤᠶᠠᠷ︶ ᠭᠡᠭᠡᠷ᠎ᠡ ᠶᠢᠨ | ᠠᠮᠢᠲᠠᠨ ᠤ ᠤᠷᠤᠰᠢᠨ ᠠᠮᠢᠳᠤᠷᠠᠬᠤ ᠭᠠᠵᠠᠷ ᠤᠨ ᠲᠠᠯᠠᠪᠠᠢ᠂ ᠠᠮᠢ ᠠᠬᠤᠢ ᠶᠢᠨ ᠪᠠᠶᠢᠳᠠᠯ︔ ︵ᠭᠤᠷᠪᠠ︶ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ | ᠠᠮᠢᠳᠤᠷᠠᠬᠤ ᠭᠠᠵᠠᠷ ᠤᠨ ᠭᠤᠤᠯ ᠰᠦᠷᠳᠡᠭᠦᠯᠬᠦᠬᠦ᠋ᠴᠦᠨ ᠵᠦᠢᠯ︔ ︵ᠳᠦᠷᠪᠡ︶ ᠭᠡᠭᠡᠷ᠎ᠡ ᠶᠢᠨ ᠠᠮᠢᠲᠠᠨ ᠢ ᠬᠦᠮᠦᠨ ᠤ ᠬᠦᠴᠦ ᠪᠠᠷ ᠦᠷᠡᠵᠢᠭᠦᠯᠦᠨ | ᠪᠤᠶᠢᠵᠢᠭᠤᠯᠤᠭᠰᠠᠨ ᠪᠠᠶᠢᠳᠠᠯ ᠵᠡᠷᠭᠡ ᠪᠠᠶᠢᠴᠠᠭᠠᠯᠲᠠ᠂ ᠬᠢᠨᠠᠨ ᠬᠡᠮᠵᠢᠯᠲᠡ ᠪᠠ ᠦᠨᠡᠯᠡᠨ ᠵᠢᠱᠢᠯᠲᠡ ᠬᠢᠬᠦ ᠴᠢᠬᠤᠯᠠᠲᠠᠢ ᠪᠤᠰᠤᠳ ᠠᠭᠤᠯᠭ᠎ᠠ᠃ | ᠠᠷᠪᠠᠨ ᠬᠤᠶᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠵᠤ᠂ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ | ᠠᠮᠢᠳᠤᠷᠠᠬᠤ ᠭᠠᠵᠠᠷ ᠤᠨ ᠪᠠᠶᠢᠳᠠᠯ ᠤᠨ ᠲᠤᠬᠠᠢ ᠪᠠᠶᠢᠴᠠᠭᠠᠯᠲᠠ᠂ ᠬᠢᠨᠠᠨ ᠬᠡᠮᠵᠢᠯᠲᠡ ᠪᠠ ᠦᠨᠡᠯᠡᠨ ᠵᠢᠱᠢᠯᠲᠡ ᠶᠢᠨ ᠦᠷ᠎ᠡ ᠳ᠋ᠦᠩ ᠢ ᠦᠨᠳᠦᠰᠦᠯᠡᠵᠦ᠂ ᠭᠡᠭᠡᠷ᠎ᠡ ᠶᠢᠨ | ᠠᠮᠢᠲᠠᠨ ᠤ ᠴᠢᠬᠤᠯᠠ ᠤᠷᠤᠰᠢᠨ ᠠᠮᠢᠳᠤᠷᠠᠬᠤ ᠭᠠᠵᠠᠷ ᠤᠨ ᠨᠡᠷᠡᠰ ᠢ ᠲᠤᠭᠲᠠᠭᠠᠵᠤ ᠨᠡᠶᠢᠲᠡᠯᠡᠬᠦ ᠬᠡᠷᠡᠭᠲᠡᠢ᠃ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠤᠷᠳᠤᠨ ᠬᠠᠤᠯᠢ ᠶᠤᠰᠤᠭᠠᠷ ᠬᠤᠯᠪᠤᠭᠳᠠᠯ ᠪᠦᠬᠦᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠦᠰᠡ ᠶᠢ ᠵᠠᠭᠠᠭᠯᠠᠨ ᠲᠤᠭᠲᠠᠭᠠᠵᠤ᠂ ᠭᠡᠭᠡᠷ᠎ᠡ ᠶᠢᠨ | ᠠᠮᠢᠲᠠᠨ ᠵᠢᠴᠢ ᠲᠡᠭᠦᠨ ᠤ ᠴᠢᠬᠤᠯᠠ ᠤᠷᠤᠰᠢᠨ ᠠᠮᠢᠳᠤᠷᠠᠬᠤ ᠭᠠᠵᠠᠷ ᠢ ᠬᠠᠮᠠᠭᠠᠯᠠᠵᠤ᠂ ᠭᠡᠭᠡᠷ᠎ᠡ ᠶᠢᠨ ᠠᠮᠢᠲᠠᠨ ᠤ ᠤᠷᠤᠰᠢᠨ ᠲᠤᠭᠲᠠᠨᠢᠬᠤ ᠤᠷᠴᠢᠨ ᠠᠬᠤᠢ ᠶᠢ | ᠬᠠᠮᠠᠭᠠᠯᠠᠵᠤ᠂ ᠰᠡᠷᠭᠦᠭᠡᠬᠦ ᠪᠠ ᠰᠠᠶᠢᠵᠢᠷᠠᠭᠤᠯᠤᠨ᠎ᠠ᠃ ᠬᠤᠯᠪᠤᠭᠳᠠᠯ ᠪᠦᠬᠦᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠦᠰᠡ ᠶᠢ ᠵᠠᠭᠠᠭᠯᠠᠨ ᠲᠤᠭᠲᠠᠭᠠᠬᠤ | ᠨᠦᠬᠦᠴᠡᠯ ᠢ ᠪᠦᠷᠢᠳᠦᠭᠦᠯᠦᠭᠰᠡᠨ ᠦᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠠᠪᠠᠯᠠᠬᠤ ︵ᠠᠩᠨᠠᠬᠤ︶ ᠶᠢ | ᠴᠠᠭᠠᠵᠠᠯᠠᠬᠤ ᠤᠷᠤᠨ ᠢ ᠵᠠᠭᠠᠭᠯᠠᠨ ᠲᠤᠭᠲᠠᠭᠠᠬᠤ᠂ ᠠᠪᠠᠯᠠᠬᠤ ︵ᠠᠩᠨᠠᠬᠤ︶ ᠶᠢ ᠴᠠᠭᠠᠵᠠᠯᠠᠬᠤ ᠬᠤᠭᠤᠴᠠᠭ᠎ᠠ ᠶᠢ ᠲᠤᠭᠲᠠᠭᠠᠬᠤ ᠵᠡᠷᠭᠡ ᠪᠤᠰᠤᠳ ᠬᠡᠯᠪᠡᠷᠢ ᠪᠠᠷ | ᠬᠠᠮᠠᠭᠠᠯᠠᠵᠤ ᠪᠤᠯᠤᠨ᠎ᠠ᠃ ᠬᠤᠯᠪᠤᠭᠳᠠᠯ ᠪᠦᠬᠦᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠦᠰᠡ ᠳᠤ ᠭᠠᠳᠠᠨ᠎ᠠ ᠶᠢᠨ ᠳᠦᠷᠰᠦ ᠶᠢ ᠤᠷᠤᠭᠤᠯᠬᠤ᠂ ᠭᠠᠭᠴᠠ | ᠲᠦᠷᠦᠯ ᠤᠨ ᠴᠡᠪᠡᠷ ᠤᠢ ᠶᠢ ᠤᠶᠢᠵᠢᠭᠤᠯᠬᠤ᠂ ᠲᠠᠷᠢᠶᠠᠨ ᠡᠮ ᠢ ᠬᠡᠮᠵᠢᠶ᠎ᠡ ᠠᠴᠠ ᠬᠡᠲᠦᠷᠡᠭᠦᠯᠦᠨ ᠰᠠᠴᠤᠬᠤ ᠭᠡᠭᠦ ᠮᠡᠳᠤ ᠪᠠᠷ ᠭᠡᠭᠡᠷ᠎ᠡ ᠶᠢᠨ ᠠᠮᠢᠲᠠᠨ ᠤ ᠦᠷᠡᠵᠢᠨ | ᠠᠮᠢᠳᠤᠷᠠᠬᠤ ᠶᠢ ᠬᠦᠮᠦᠨ ᠤ ᠬᠢᠳᠡᠯ ᠢᠶᠠᠷ ᠬᠠᠷᠰᠢᠯᠠᠬᠤ ᠪᠠ ᠰᠦᠷᠳᠡᠭᠦᠯᠬᠦ ᠦᠢᠯᠡ ᠠᠵᠢᠯᠯᠠᠭ᠎ᠠ ᠶᠢ ᠴᠠᠭᠠᠵᠠᠯᠠᠬᠤ ᠪᠤᠶᠤ ᠬᠢᠵᠠᠭᠠᠷᠯᠠᠨ᠎ᠠ᠃ ᠬᠤᠯᠪᠤᠭᠳᠠᠯ ᠪᠦᠬᠦᠢ | ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠦᠰᠡ ᠶᠢ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠤᠭᠲᠠᠭᠠᠯ ᠤᠨ ᠲᠤᠭᠲᠠᠭᠠᠯ ᠶᠤᠰᠤᠭᠠᠷ ᠵᠠᠭᠠᠭᠯᠠᠨ | ᠲᠤᠭᠲᠠᠭᠠᠬᠤ ᠪᠠ ᠬᠠᠮᠢᠶᠠᠷᠤᠨ᠎ᠡ᠃ |