ᠣᠶᠢᠷ᠎ᠠ ᠳᠤ ᠣᠷᠳᠣᠰ ᠬᠤᠲᠠ ᠶᠢᠨ ᠨᠠᠮ ᠵᠠᠰᠠᠭ ᠤᠨ ᠤᠳᠤᠷᠢᠳᠤᠯᠭ᠎ᠠ ᠨᠠᠷ ᠪᠦᠯᠬᠦᠮ ᠳᠠᠭᠠᠭᠤᠯᠤᠨ ᠨᠠᠨᠵᠢᠩ᠂ ᠱᠠᠩᠬᠠᠢ᠂ ᠪᠡᠭᠡᠵᠢᠩ ᠳᠤ ᠬᠦᠷᠴᠦ | ᠬᠤᠳᠠᠯᠳᠤᠭᠠᠴᠢᠨ ᠤᠷᠢᠵᠤ ᠪᠡᠯᠡ ᠲᠠᠲᠠᠬᠤ ᠪᠠ ᠭᠤᠣᠯᠳᠠᠯᠭ᠎ᠠ ᠪᠣᠯᠬᠤ ᠠᠵᠢᠯ ᠢ ᠵᠣᠯᠭᠠᠭᠤᠯᠬᠤ ᠠᠵᠢᠯᠯᠠᠭ᠎ᠠ ᠥᠷᠨᠢᠭᠦᠯᠪᠡ᠃ ᠡᠨᠡ ᠬᠦ ᠬᠤᠭᠤᠴᠠᠭᠠᠨ ᠳᠤ᠂ ᠨᠠᠨᠵᠢᠩ | ᠬᠤᠳᠠ ᠶᠢᠨ ᠵᠠᠰᠠᠭ ᠤᠨ ᠣᠷᠳᠣᠨ ᠯᠤᠭ᠎ᠠ ᠰᠡᠬᠡᠭᠡᠲᠡᠨ ᠵᠠᠯᠠᠭᠤᠴᠤᠳ ᠤᠨ ᠨᠦᠬᠦᠷᠯᠡᠯ ᠢᠶᠠᠨ ᠤᠯᠠᠮᠵᠢᠯᠠᠨ ᠵᠠᠯᠭᠠᠵᠤ᠂ ᠨᠥᠬᠦᠷᠰᠡᠭ ᠬᠤᠳᠠ ᠶᠢᠨ ᠬᠠᠷᠢᠯᠴᠠᠭ᠎ᠠ ᠶᠢ | ᠭᠦᠨᠵᠡᠭᠡᠶᠢᠷᠡᠭᠦᠯᠬᠦ ᠬᠠᠮᠲᠤ ᠶᠢᠨ ᠲᠠᠨᠢᠯᠲᠠ ᠲᠠᠢ ᠪᠣᠯᠵᠤ᠂ ᠨᠠᠨᠵᠢᠩ ᠵᠡᠷᠭᠡ ᠣᠷᠣᠨ ᠪᠦᠰᠡ ᠶᠢᠨ ᠲᠥᠪ ᠬᠤᠳᠠ ᠳᠤ ︽ᠳᠤᠯᠠᠭᠠᠨ ᠬᠤᠳᠠ ᠶᠢᠨ ᠴᠣᠩᠬᠤᠪᠴᠢ︾ | ᠡᠵᠡᠩᠨᠡᠨ ᠪᠣᠷᠣᠯᠠᠭᠤᠯᠵᠤ ᠳᠡᠯᠭᠡᠷᠡᠭᠦᠯᠬᠦ ᠲᠥᠪ ᠪᠠᠶᠢᠭᠤᠯᠬᠤ ᠪᠠᠷ ᠲᠥᠯᠥᠪᠯᠡᠵᠦ ᠪᠤᠢ︔ ᠬᠠᠢ ᠳ᠋ᠧ ᠤᠰᠤᠲᠥ᠋ᠷᠥᠭᠴᠢ ᠡᠨᠧᠷᠭᠢ᠂ ᠱᠧᠨ ᠨᠧᠩ ᠪᠦᠯᠦᠭᠯᠡᠯ᠂ | ᠱᠠᠩᠬᠠᠢ ᠶᠢᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠯᠤᠭ᠎ᠠ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ᠂ | ᠨᠡᠭᠦᠷᠡᠰᠦᠲᠥ᠋ᠷᠥᠭᠴᠢ ᠶᠢᠨ ᠰᠢᠷᠬᠡᠭᠯᠢᠭ ᠤᠨ ᠲᠦᠷᠦᠯ ᠵᠦᠢᠯ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠰᠠᠨᠠᠮᠵᠢ ᠲᠣᠭᠲᠠᠵᠤ᠂ 6 ᠬᠤᠰᠢᠭᠤ ᠲᠣᠭᠤᠷᠢᠭ ᠤᠨ ᠬᠢᠨ 7 | ᠠᠵᠤ ᠠᠬᠤᠶᠢᠯᠠᠯ ᠯᠤᠭ᠎ᠠ ᠠᠭᠠᠷ ᠠᠶᠠᠯᠠᠯ ᠰᠠᠨᠰᠠᠷ ᠠᠶᠠᠯᠠᠯ ᠤᠨ ᠲᠡᠰ ᠤᠨ ᠪᠥᠮᠪᠥᠭᠡᠯᠢᠭ ᠲᠢᠲ᠋ᠠᠨ ᠤ ᠨᠤᠨᠳᠠᠭ ᠤᠨ ᠦᠢᠯᠡᠳᠪᠦᠷᠢᠯᠡᠯ ᠤᠨ ᠲᠦᠷᠦᠯ ᠵᠦᠢᠯ ᠤᠨ | C2H4O6S2 ᠨᠡᠶᠢᠯᠡᠯᠲᠡ ᠶᠢᠨ ᠲᠦᠷᠦᠯ ᠵᠦᠢᠯ᠂ ᠨᠡᠭᠦᠷᠡᠰᠦᠲᠥ᠋ᠷᠥᠭᠴᠢ ᠥᠯᠥ ᠭᠠᠳᠠᠭᠰᠢᠯᠠᠭᠤᠯᠬᠤ ᠪᠠᠷᠠᠭᠠᠨ ᠤ ᠭᠦᠢᠯᠭᠡᠭᠡᠨ ᠤ ᠬᠦᠨᠳᠦ ᠠᠴᠢᠶᠠᠨ ᠤ | ᠮᠠᠰᠢᠨ ᠤ ᠴᠡᠨᠡᠭ ᠰᠣᠯᠢᠬᠤ ᠲᠣᠣᠷ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠵᠡᠷᠭᠡ 7 ᠲᠦᠷᠦᠯ ᠵᠦᠢᠯ ᠤᠨ ᠬᠠᠮᠲᠤᠷᠠᠯᠴᠠᠭᠠᠨ ᠤ | ᠵᠥᠪᠯᠡᠯᠴᠡᠭᠡᠷ ᠲᠣᠭᠲᠠᠪᠠ︔ ᠵᠦᠩ ᠮᠧᠢ᠂ ᠬᠤᠸᠠ ᠳ᠋ᠢᠶᠠᠨ᠂ ᠳ᠋ᠠ ᠲᠠᠩ ᠵᠡᠷᠭᠡ ᠲᠥᠪ ᠤᠨ ᠠᠵᠤ ᠠᠬᠤᠶᠢᠯᠠᠯ ᠯᠤᠭ᠎ᠠ ᠠᠵᠢᠯ ᠢᠶᠠᠨ ᠵᠣᠯᠭᠠᠭᠤᠯᠵᠤ᠂ ᠬᠦᠴᠦ ᠪᠠᠨ | ᠬᠠᠮᠲᠤᠳᠬᠠᠨ 10 ᠲᠦᠮᠡᠨ ᠲᠣᠨ / ᠵᠢᠯ ᠤᠨ ᠰᠢᠩᠭᠡᠨ ᠲᠦᠯᠦᠪᠲᠦ ᠨᠡᠷᠡᠨ ᠬᠡᠷᠡᠯ᠂ ᠵᠦᠩ ᠮᠧᠢ ᠶᠢᠨ ᠦᠦᠰᠢᠨ ᠳᠠᠬᠢ 2 × 66 ᠲᠦᠮᠡᠨ ᠺᠢᠯᠣᠸᠠᠲ ᠤᠨ | ᠨᠡᠭᠦᠷᠡᠰᠦ ᠴᠠᠬᠢᠯᠭᠠᠨ ᠵᠡᠷᠭᠡ ᠪᠦᠲᠦᠭᠡᠨ ᠪᠠᠶᠢᠭᠤᠯᠵᠤ ᠪᠠᠶᠢᠭ᠎ᠠ 20 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠰᠢᠨ ᠵᠢᠶᠧ | ᠭᠤᠷᠪᠠᠳᠤᠭᠠᠷ ᠬᠤᠳᠳᠤᠭ᠂ ᠳᠥᠷᠪᠡᠳᠦᠭᠡᠷ ᠬᠤᠳᠳᠤᠭ ᠤᠨ ᠨᠡᠭᠦᠷᠡᠰᠦᠨ ᠠᠭᠤᠷᠬᠠᠢ ᠪᠠ 300 ᠲᠦᠮᠡᠨ ᠲᠣᠨ / ᠵᠢᠯ ᠤᠨ ᠣᠷᠳᠣᠰ ᠤᠨ ᠨᠡᠭᠦᠷᠡᠰᠦ ᠶᠢ | ᠰᠢᠩᠭᠡᠨᠵᠢᠭᠦᠯᠦᠨ ᠲᠠᠰ ᠳᠡᠪᠰᠢᠭᠦᠯᠵᠦ ᠵᠢᠱᠢᠶ᠎ᠡ ᠦᠵᠡᠭᠦᠯᠬᠦ ᠵᠢᠴᠢ ᠢᠵᠢ ᠪᠦᠷᠢᠳᠦᠭᠦᠯᠬᠦ ᠲᠥᠷᠥᠯ ᠵᠦᠢᠯ ᠵᠡᠷᠭᠡ ᠪᠦᠲᠦᠭᠡᠨ ᠪᠠᠶᠢᠭᠤᠯᠵᠤ ᠪᠠᠶᠢᠭ᠎ᠠ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠪᠣᠯᠣᠨ᠎ᠠ᠃ ︵ᠣᠷᠳᠣᠰ ᠬᠤᠲᠠ ᠶᠢᠨ ᠵᠠᠰᠠᠭ ᠤᠨ ᠣᠷᠳᠣᠨ︶ |