ᠣᠶᠢᠷ᠎ᠠ ᠳᠤ᠂ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ︽ᠠᠰᠢᠭᠲᠤ ᠪᠠᠺᠲ᠋ᠧᠷᠢ ᠶᠢ ᠬᠠᠷᠠᠯᠲᠠ ᠲᠠᠢ | ᠰᠢᠭᠰᠢᠨ ᠰᠣᠩᠭᠤᠬᠤ ᠪᠠ ᠬᠡᠪ ᠤᠨ ᠳᠤᠯᠠᠭᠠᠨ ᠢᠶᠠᠷ ᠬᠤᠮᠬᠢᠨ ᠲᠣᠭᠲᠠᠪᠤᠷᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ︾ ᠢᠶᠠᠷ ᠢᠶᠠᠨ ᠳᠤᠮᠳᠠᠳᠤ ᠤᠯᠤᠰ ᠤᠨ ᠢᠳᠡᠭᠡᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠮᠡᠷᠭᠡᠵᠢᠯ ᠤᠨ ᠡᠭᠦᠳᠦᠯᠲᠡ ᠶᠢᠨ ᠨᠢᠭᠡᠳᠦᠭᠡᠷ ᠳᠡᠰ ᠤᠨ ᠱᠠᠩᠨᠠᠯ ᠢ ᠭᠥᠷᠳᠡᠪᠡ᠃ ᠲᠣᠰ ᠲᠥᠪ ᠨᠢ | ᠠᠵᠤ ᠦᠢᠯᠡᠰ ᠰᠤᠷᠭᠠᠭᠤᠯᠢ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠪᠠᠷ ᠳᠠᠮᠵᠢᠭᠤᠯᠤᠨ᠂ ᠠᠰᠢᠭᠲᠤ ᠪᠠᠺᠲ᠋ᠧᠷᠢ ᠶᠢᠨ ᠬᠡᠪ ᠤᠨ ᠳᠤᠯᠠᠭᠠᠨ ᠤ | ᠡᠭᠡᠳᠡᠭᠰᠡᠨ ᠰᠦ᠂ ᠰᠦ ᠲᠠᠢ ᠤᠮᠳᠠᠭᠠᠨ ᠵᠡᠷᠭᠡ ᠳᠣᠤᠷ᠎ᠠ pH ᠬᠡᠮᠵᠢᠭᠳᠡᠯ᠂ ᠥᠨᠳᠥᠷ ᠤᠰᠤᠨ ᠢᠳᠡᠪᠬᠢ ᠲᠠᠢ ᠬᠡᠪ ᠤᠨ ᠳᠤᠯᠠᠭᠠᠨ ᠤ ᠪᠦᠲᠦᠭᠡᠭᠳᠡᠬᠦᠨ ᠤ ᠳᠤᠮᠳᠠ | ᠢᠳᠡᠪᠬᠢ ᠦᠭᠡᠢ ᠪᠣᠯᠬᠤ ᠬᠦᠴᠢᠷ ᠠᠰᠠᠭᠤᠳᠠᠯ ᠢ ᠰᠢᠪᠳᠤᠯᠵᠤ᠂ ᠣᠯᠠᠨ ᠤᠯᠤᠰ ᠤᠨ ᠲᠡᠷᠢᠭᠦᠨ ᠤ ᠬᠡᠪ ᠤᠨ ᠳᠤᠯᠠᠭᠠᠨ ᠤ ᠠᠮᠢᠳᠤ ᠪᠠᠺᠲ᠋ᠧᠷᠢ ᠶᠢᠨ ᠬᠤᠮᠬᠢᠬᠤ | ᠮᠡᠷᠭᠡᠵᠢᠯ ᠢ ᠰᠤᠳᠤᠯᠤᠨ ᠨᠡᠭᠡᠭᠡᠭᠰᠡᠨ ᠤ ᠬᠠᠮᠲᠤ᠂ ᠥᠨᠳᠥᠷ ᠢᠳᠡᠪᠬᠢ ᠴᠢᠨᠠᠷᠲᠠᠢ ᠠᠰᠢᠭᠲᠤ ᠪᠠᠺᠲ᠋ᠧᠷᠢ ᠶᠢᠨ ᠪᠦᠲᠦᠭᠡᠭᠳᠡᠬᠦᠨ ᠢ ᠭᠠᠷᠭᠠᠪᠠ᠃ ᠣᠶᠢᠷ᠎ᠠ ᠶᠢᠨ 3 | ᠵᠢᠯ ᠤᠨ ᠲᠤᠷᠰᠢ᠂ ᠬᠠᠮᠢᠶ᠎ᠠ ᠪᠥᠬᠦᠶ ᠮᠡᠷᠭᠡᠵᠢᠯ ᠤᠨ ᠦᠷ᠎ᠡ ᠪᠦᠲᠦᠭᠡᠯ ᠢ ᠢᠯᠢ᠂ ᠣᠣ ᠶᠢᠦ᠂ ᠵᠢᠨᠴᠢᠶᠤᠤ ᠵᠡᠷᠭᠡ ᠠᠵᠤ ᠠᠬᠤᠶᠢᠯᠠᠯ ᠤᠯᠠᠷᠢᠭᠤᠯᠤᠨ ᠬᠡᠷᠡᠭᠯᠡᠵᠦ᠂ | ᠠᠵᠤ ᠠᠬᠤᠶ ᠶᠢᠨ ᠦᠷ᠎ᠡ ᠠᠰᠢᠭ ᠢ ᠨᠡᠶᠢᠲᠡ 48 ᠳ᠋ᠦᠩᠰᠢᠭᠤᠷ ᠲᠥᠭᠦᠷᠢᠭ ᠪᠣᠶ ᠪᠣᠯᠭᠠᠪᠠ᠃ ︵ᠬᠥᠬᠡᠬᠤᠲᠠ ᠶᠢᠨ ᠵᠠᠰᠠᠭ ᠤᠨ ᠣᠷᠳᠣᠨ︶ |