ᠭᠤᠷᠪᠠᠳᠤᠭᠠᠷ ᠵᠡᠭᠡᠯᠢ ᠭᠤᠳᠤᠮᠵᠢ ᠶᠢᠨ ᠴᠢᠶᠠᠩ ᠱᠧᠩ ᠨᠡᠶᠢᠭᠡᠮ ᠲᠣᠭᠤᠷᠢᠭ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/12/25
       2024 ᠣᠨ ᠤ 12 ᠰᠠᠷ᠎ᠠ ᠶᠢᠨ 24 ᠤ ᠡᠳᠦᠷ᠂ ᠵᠠᠯᠠᠶᠢᠨᠠᠭᠤᠷ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠴᠢᠶᠠᠩ ᠱᠧᠩ ᠨᠡᠶᠢᠭᠡᠮ ᠲᠣᠭᠤᠷᠢᠭ ᠲᠤ ᠬᠦᠷᠴᠦ᠂ ᠰᠠᠭᠤᠭᠠᠯᠢ ᠠᠷᠠᠳ ᠲᠤ ᠡᠪᠦᠯ ᠤᠨ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠶᠢᠨ ᠠᠵᠢᠯ ᠦᠷᠨᠢᠭᠦᠯᠪᠡ᠃ ᠲᠠᠶᠢᠯᠤᠮᠵᠢ ᠳᠡᠭᠡᠷ᠎ᠡ᠂ ᠵᠠᠯᠠᠶᠢᠨᠠᠭᠤᠷ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠴᠠᠭᠳᠠᠭᠠᠨ ᠳᠠᠷᠤᠭ᠎ᠠ ᠵᠤᠤ ᠵᠧ ᠨᠠᠷᠢᠨ ᠨᠢᠮᠪᠠᠢ ᠦᠢᠯᠡᠳᠦᠭᠰᠡᠨ PPT ᠪᠣᠯᠣᠨ ᠸᠢᠳᠢᠤ᠋ ᠬᠡᠷᠡᠭ ᠤᠨ ᠵᠢᠱᠢᠶ᠎ᠡ ᠶᠢ ᠨᠡᠪᠲᠡᠷᠡᠭᠦᠯᠬᠦ ᠪᠠᠷ ᠳᠠᠮᠵᠢᠭᠤᠯᠤᠨ ᠰᠠᠭᠤᠭᠠᠯᠢ ᠠᠷᠠᠳ ᠲᠤ ᠡᠪᠦᠯ ᠤᠨ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠤᠨ ᠣᠨᠴᠠᠯᠢᠭ ᠵᠢᠴᠢ ᠡᠪᠦᠯ ᠤᠨ ᠤᠯᠠᠷᠢᠯ ᠤᠨ ᠠᠮᠤᠷ ᠲᠦᠪᠰᠢᠨ ᠢᠶᠠᠷ ᠲᠡᠷᠭᠡ ᠶᠠᠪᠤᠬᠤ ᠶᠡᠷᠦ ᠶᠢᠨ ᠮᠡᠳᠡᠯᠭᠡ ᠶᠢ ᠨᠠᠷᠢᠨ ᠲᠠᠶᠢᠯᠪᠤᠷᠢᠯᠠᠪᠠ᠂ ᠡᠭᠦᠨ ᠳᠤ ᠲᠡᠷᠭᠡᠨ ᠤ ᠬᠠᠯᠲᠤᠷᠢᠬᠤ ᠠᠴᠠ ᠰᠡᠷᠭᠡᠶᠢᠯᠡᠬᠦ᠂ ᠬᠥᠯᠳᠡᠬᠦ ᠠᠴᠠ ᠰᠡᠷᠭᠡᠶᠢᠯᠡᠬᠦ ᠠᠷᠭ᠎ᠠ ᠬᠡᠮᠵᠢᠶ᠎ᠡ᠂ ᠳ᠋ᠧᠩ ᠤᠨ ᠭᠡᠷᠡᠯ ᠢ ᠬᠡᠷᠬᠢᠨ ᠵᠥᠪ ᠬᠡᠷᠡᠭᠯᠡᠬᠦ᠂ ᠲᠡᠷᠭᠡᠨ ᠤ ᠠᠮᠤᠷ ᠲᠦᠪᠰᠢᠨ ᠤ ᠵᠠᠢ ᠶᠢ ᠬᠡᠷᠬᠢᠨ ᠪᠠᠲᠤᠯᠠᠬᠤ ᠵᠡᠷᠭᠡ ᠠᠭᠤᠯᠭ᠎ᠠ ᠶᠢ ᠪᠠᠭᠲᠠᠭᠠᠵᠠᠢ᠃
ᠢᠷᠡᠯᠲᠡ᠄ ᠵᠠᠯᠠᠶᠢᠨᠠᠭᠤᠷ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ