2024 ᠣᠨ ᠤ 12 ᠰᠠᠷ᠎ᠠ ᠶᠢᠨ 24 ᠤ ᠡᠳᠦᠷ᠂ ᠳᠥᠷᠪᠡᠳᠦᠭᠡᠷ ᠵᠡᠭᠡᠯᠢ ᠭᠤᠳᠤᠮᠵᠢ ᠶᠢᠨ ᠴᠢᠩ ᠴᠢᠦᠸᠠᠨ ᠨᠡᠶᠢᠭᠡᠮ ᠲᠣᠭᠤᠷᠢᠭ ᠬᠠᠷᠢᠶᠠᠲᠤ | ᠣᠷᠣᠨ ᠤ ᠪᠠᠨ ᠲᠡᠵᠢᠭᠡᠨ ᠦᠷᠡᠵᠢᠭᠦᠯᠬᠦ ᠡᠷᠦᠬᠡ ᠳᠤ ᠡᠪᠡᠰᠦ ᠨᠥᠭᠡᠴᠡᠯᠡᠬᠦ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠦᠷᠨᠢᠭᠦᠯᠪᠡ᠃ ᠨᠡᠶᠢᠭᠡᠮ | ᠲᠣᠭᠤᠷᠢᠭ ᠤᠨ ᠰᠦᠯᠵᠢᠶᠡᠨ ᠤ ᠠᠵᠢᠯᠲᠠᠨ ᠲᠡᠵᠢᠭᠡᠨ ᠦᠷᠡᠵᠢᠭᠦᠯᠬᠦ ᠡᠷᠦᠬᠡ ᠲᠠᠢ ᠬᠠᠷᠢᠯᠴᠠᠬᠤ ᠶᠢᠨ ᠬᠠᠮᠲᠤ ᠪᠠᠶᠢᠴᠠᠭᠠᠬᠤ ᠴᠠᠭ ᠲᠣᠬᠢᠷᠠᠭᠤᠯᠵᠤ᠂ ᠲᠡᠵᠢᠭᠡᠨ | ᠦᠷᠡᠵᠢᠭᠦᠯᠬᠦ ᠡᠷᠦᠬᠡ ᠶᠢᠨ ᠡᠪᠡᠰᠦ ᠬᠠᠳᠠᠭᠠᠯᠠᠬᠤ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠨ᠂ ᠪᠡᠯᠴᠢᠭᠡᠷ ᠬᠠᠳᠠᠭᠠᠯᠠᠬᠤ ᠭᠠᠵᠠᠷ ᠤᠨ ᠲᠡᠭᠰᠢ᠂ ᠬᠠᠭᠤᠷᠠᠢ ᠪᠠᠶᠢᠬᠤ | ᠡᠰᠡᠬᠦ ᠶᠢ ᠲᠤᠬᠠᠢ ᠶᠢᠨ ᠭᠠᠵᠠᠷ ᠲᠤᠨᠢ ᠠᠵᠢᠭᠯᠠᠪᠠ︔ ᠡᠪᠡᠰᠦ ᠪᠣᠷᠳᠤᠭ᠎ᠠ ᠶᠢ ᠣᠪᠣᠭᠠᠯᠠᠵᠤ ᠲᠠᠯᠪᠢᠭᠰᠠᠨ ᠪᠠᠶᠢᠳᠠᠯ ᠨᠢ ᠠᠮᠤᠷ ᠲᠦᠪᠰᠢᠨ ᠪᠠᠶᠢᠬᠤ ᠡᠰᠡᠬᠦ ᠵᠢᠴᠢ | ᠡᠷᠬᠢᠨ ᠲᠣᠭᠤᠷᠢᠨ ᠳᠤᠨᠢ ᠠᠮᠠᠷᠬᠠᠨ ᠰᠢᠲᠠᠬᠤ ᠪᠣᠳᠠᠰ ᠣᠪᠣᠭᠠᠯᠠᠬᠤ ᠪᠠ ᠭᠠᠯ ᠤᠨᠲᠠᠷᠠᠭᠠᠬᠤ ᠲᠥᠬᠦᠭᠡᠷᠦᠮᠵᠢ ᠪᠠᠶᠢᠬᠤ ᠡᠰᠡᠬᠦ ᠪᠠᠶᠢᠳᠠᠯ ᠨᠢ ᠠᠰᠠᠭᠤᠳᠠᠯ ᠣᠷᠣᠰᠢᠵᠤ | ᠪᠠᠶᠢᠬᠤ ᠶᠢ ᠰᠢᠭᠤᠳ ᠣᠯᠵᠤ ᠮᠡᠳᠡᠬᠦ ᠬᠡᠷᠡᠭᠲᠡᠢ᠃ ᠪᠠᠶᠢᠴᠠᠭᠠᠬᠤ ᠶᠠᠪᠤᠴᠠ ᠳᠤ᠂ ᠰᠦᠯᠵᠢᠶᠡᠨ ᠤ ᠠᠵᠢᠯᠲᠠᠨ ᠲᠡᠵᠢᠭᠡᠨ ᠦᠷᠡᠵᠢᠭᠦᠯᠬᠦ ᠡᠷᠦᠬᠡ ᠶᠢᠨ ᠬᠠᠳᠤᠯᠠᠩ | ᠪᠡᠯᠴᠢᠭᠡᠷ ᠲᠤ ᠠᠮᠠᠷᠬᠠᠨ ᠰᠢᠲᠠᠬᠤ ᠪᠣᠳᠠᠰ᠂ ᠴᠠᠬᠢᠯᠭᠠᠨ ᠬᠦᠴᠦᠨ ᠤ ᠲᠥᠬᠦᠭᠡᠷᠦᠮᠵᠢ ᠪᠠ ᠰᠠᠭᠤᠭᠠᠯᠢ ᠠᠷᠠᠳ ᠤᠨ ᠲᠣᠭᠤᠷᠢᠭ ᠠᠴᠠ ᠬᠤᠯᠠ ᠪᠠᠶᠢᠬᠤ ᠬᠡᠷᠡᠭᠲᠡᠢ᠂ | ᠭᠠᠯ ᠤᠨ ᠠᠶᠤᠯ ᠭᠠᠷᠬᠤ ᠦᠶ᠎ᠡ ᠳᠤ ᠡᠷᠬᠢᠨ ᠲᠣᠭᠤᠷᠢᠨ ᠤ ᠪᠠᠷᠢᠯᠭ᠎ᠠ ᠶᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠢ ᠭᠡᠵᠦ ᠨᠠᠷᠢᠨ ᠬᠢᠨᠠᠮᠠᠭᠠᠢ ᠬᠡᠯᠡᠵᠦ ᠥᠭᠴᠡᠢ᠃ | ᠡᠭᠦᠨ ᠤ ᠬᠠᠮᠲᠤ᠂ ᠭᠠᠵᠠᠷ ᠤᠨ ᠪᠠᠶᠢᠴᠠ ᠨᠡᠯᠢᠶᠡᠳ ᠥᠨᠳᠥᠷ ᠮᠥᠷᠲᠡᠭᠡᠨ ᠤᠰᠤ ᠲᠠᠲᠠᠷᠠᠭᠤᠯᠬᠤ ᠨᠢ ᠰᠠᠶᠢᠨ ᠭᠠᠵᠠᠷ ᠢ ᠰᠣᠩᠭᠤᠵᠤ᠂ ᠪᠣᠷᠣᠭᠠᠨ ᠴᠠᠰᠤ ᠤᠰᠤᠨ ᠳᠤ | ᠡᠪᠡᠰᠦ ᠪᠣᠷᠳᠤᠭ᠎ᠠ ᠶᠢ ᠳᠡᠪᠲᠦᠭᠡᠬᠦ ᠠᠴᠠ ᠰᠡᠷᠭᠡᠶᠢᠯᠡᠬᠦ ᠬᠡᠷᠡᠭᠲᠡᠢ᠃ ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠲᠡᠵᠢᠭᠡᠨ ᠦᠷᠡᠵᠢᠭᠦᠯᠬᠦ ᠡᠷᠦᠬᠡ ᠶᠢᠨ ᠠᠮᠤᠷ | ᠲᠦᠪᠰᠢᠨ ᠤ ᠤᠬᠠᠮᠰᠠᠷ ᠢᠯᠡᠳᠲᠡ ᠳᠡᠭᠡᠭᠰᠢᠯᠡᠵᠡᠢ᠂ ᠲᠠᠳᠠ ᠡᠪᠡᠰᠦ ᠨᠥᠭᠡᠴᠡᠯᠡᠬᠦ ᠶᠠᠪᠤᠴᠠ ᠳᠠᠬᠢ ᠠᠮᠤᠷ ᠲᠦᠪᠰᠢᠨ ᠤ ᠠᠰᠠᠭᠤᠳᠠᠯ ᠢ ᠨᠠᠩ ᠢᠯᠡᠭᠦᠦ ᠴᠢᠬᠤᠯᠠᠴᠢᠯᠠᠨ | ᠦᠵᠡᠵᠦ᠂ ᠢᠳᠡᠪᠬᠢᠲᠡᠢ ᠪᠠᠷ ᠠᠷᠭ᠎ᠠ ᠬᠡᠮᠵᠢᠶ᠎ᠡ ᠠᠪᠴᠤ ᠪᠠᠶᠢᠭᠠᠳ ᠳᠠᠯᠳᠠ ᠬᠡᠮ ᠢ ᠠᠷᠢᠯᠭᠠᠨ᠂ ᠲᠡᠵᠢᠭᠡᠨ ᠦᠷᠡᠵᠢᠭᠦᠯᠬᠦ ᠡᠷᠦᠬᠡ ᠶᠢᠨ ᠲᠡᠵᠢᠭᠡᠨ ᠦᠷᠡᠵᠢᠭᠦᠯᠬᠦ | ᠶᠠᠪᠤᠴᠠ ᠳᠠᠬᠢ ᠡᠳ᠋ ᠬᠥᠷᠥᠩᠭᠡ ᠶᠢᠨ ᠠᠮᠤᠷ ᠲᠦᠪᠰᠢᠨ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠨᠡᠶᠢᠭᠡᠮ ᠲᠣᠭᠤᠷᠢᠭ ᠤᠨ ᠪᠦᠬᠦᠯᠢ | ᠴᠣᠭᠴᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠨ᠂ ᠲᠡᠵᠢᠭᠡᠨ ᠦᠷᠡᠵᠢᠭᠦᠯᠬᠦ ᠦᠢᠯᠡᠰ ᠤᠨ ᠡᠷᠡᠭᠦᠯ ᠢᠶᠠᠷ ᠬᠥᠭᠵᠢᠬᠦ ᠶᠢ ᠬᠠᠮᠠᠭᠠᠯᠠᠵᠤ ᠴᠢᠳᠠᠭᠰᠠᠨ ᠪᠠᠶᠢᠨ᠎ᠠ᠃ | |