ᠵᠠᠯᠠᠶᠢᠨᠠᠭᠤᠷ ᠲᠣᠭᠤᠷᠢᠭ ᠤᠨ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠭᠠᠵᠠᠷ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠪᠠᠨ ᠴᠢᠩᠭᠠᠳᠬᠠᠵᠤ ᠡᠮᠡᠭᠲᠡᠶᠢᠴᠦᠳ ᠬᠡᠦᠬᠡᠳ ᠤᠨ ᠡᠷᠡᠭᠦᠯ ᠮᠡᠨᠳᠦ ᠵᠢ‌ᠤᠯᠠᠮ ᠨᠢᠭᠡ ᠠᠯᠬᠤᠮ ᠪᠠᠲᠤᠯᠠᠪᠠ
ᠨᠡᠶᠢᠲᠡᠯᠡᠭᠰᠡᠨ ᠴᠠᠭ᠄
2024/12/25
       ᠵᠠᠯᠠᠶᠢᠨᠠᠭᠤᠷ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ ᠶᠠᠰᠤ ᠴᠢᠨᠠᠷ ᠪᠠ ᠵᠢᠷᠤᠮᠵᠢᠯ ᠤᠨ ᠴᠢᠨᠠᠷ ᠢ ᠦᠨᠡᠨᠬᠦ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠵᠠᠯᠠᠶᠢᠨᠠᠭᠤᠷ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠭᠠᠵᠠᠷ ᠤᠨ ᠬᠢᠨ ᠰᠢᠨ᠎ᠡ ᠪᠠᠷᠭᠤ ᠵᠡᠭᠦᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠬᠠᠷᠢᠯᠴᠠᠨ ᠪᠠᠶᠢᠴᠠᠭᠠᠬᠤ ᠳᠤᠭᠤᠶᠢᠯᠠᠩ‌‍ᠲ᠋ᠠᠶ ᠢᠳᠡᠪᠬᠢᠲᠡᠢ ᠬᠠᠮᠵᠢᠯᠴᠠᠨ᠂ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠪᠡ᠃       ᠪᠠᠶᠢᠴᠠᠭᠠᠯᠲᠠ ᠶᠢᠨ ᠳᠤᠮᠳᠠ᠂ ᠡᠪᠡᠳᠴᠢᠨ ᠤ ᠥᠩᠭᠡᠷᠡᠯᠲᠡ ᠶᠢᠨ ᠮᠠᠲ᠋ᠧᠷᠢᠶᠠᠯ ᠢ ᠪᠥᠬᠦ ᠲᠠᠯ᠎ᠠ ᠪᠠᠷ ᠪᠠᠶᠢᠴᠠᠭᠠᠨ ᠦᠵᠡᠬᠦ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠲᠤᠭ᠎ᠠ ᠪᠠᠷᠢᠮᠲᠠ ᠶᠢ ᠨᠠᠷᠢᠨ ᠬᠠᠷᠭᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠯᠠᠶᠢᠨᠠᠭᠤᠷ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠪᠡᠯᠡ ᠮᠥᠩᠭᠦ ᠶᠢᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠠᠵᠢᠯ ᠳᠤ ᠪᠥᠬᠦ ᠲᠠᠯ᠎ᠠ ᠶᠢᠨ᠂ ᠭᠦᠨ ᠲᠠᠰ ᠳᠠᠪᠬᠤᠷᠭ᠎ᠠ ᠶᠢᠨ ᠪᠠᠶᠢᠴᠠᠭᠠᠯᠲᠠ ᠦᠨᠡᠯᠡᠯᠲᠡ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠰᠠᠨᠠᠯ ᠰᠠᠨᠠᠭᠤᠯᠭ᠎ᠠ ᠳᠤᠷᠠᠳᠪᠠ᠃       ᠲᠣᠰ ᠤᠳᠠᠭᠠᠨ ᠤ ᠪᠠᠶᠢᠴᠠᠭᠠᠯᠲᠠ ᠵᠢᠯᠣᠭᠤᠳᠤᠯᠭ᠎ᠠ ᠪᠠᠷ ᠳᠡᠮᠵᠢᠨ᠂ ᠵᠠᠯᠠᠶᠢᠨᠠᠭᠤᠷ ᠲᠣᠭᠤᠷᠢᠭ ᠤᠨ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠭᠠᠵᠠᠷ ᠤᠨ ᠬᠢᠨ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠢᠶᠠᠨ ᠦᠷᠭᠦᠯᠵᠢᠯᠡᠨ ᠰᠠᠶᠢᠵᠢᠷᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ ᠵᠢᠷᠤᠮᠵᠢᠯ‌‍ᠲ᠋ᠠᠶ᠂ ᠡᠮᠬᠢ ᠵᠢᠷᠤᠮ ᠲᠠᠢ ᠵᠠᠮ ᠢᠶᠠᠷ ᠶᠠᠪᠤᠭᠳᠠᠬᠤ ᠶᠢ ᠦᠨᠡᠨ ᠬᠦ ᠪᠠᠲᠤᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ ᠦᠷᠭᠦᠯᠵᠢᠯᠡᠨ ᠰᠢᠯᠢᠳᠡᠭᠵᠢᠬᠦ ᠶᠢ ᠲᠦᠯᠬᠢᠨ ᠠᠬᠢᠭᠤᠯᠵᠤ᠂ ᠥᠷᠭᠡᠨ ᠣᠯᠠᠨ ᠡᠮᠡᠭᠲᠡᠶᠢᠴᠦᠳ ᠬᠡᠦᠬᠡᠳ ᠲᠤ ᠨᠠᠩ ᠴᠢᠨᠠᠷ ᠰᠠᠶᠢᠲᠠᠢ᠂ ᠥᠨᠳᠥᠷ ᠪᠦᠲᠦᠮᠵᠢᠲᠡᠶ᠂ ᠲᠣᠭᠲᠠᠭᠠᠯ ᠳᠤ ᠨᠡᠶᠢᠴᠡᠭᠰᠡᠨ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡ ᠬᠠᠩᠭᠠᠬᠤ ᠪᠣᠯᠣᠨ᠎ᠠ᠃
ᠢᠷᠡᠯᠲᠡ᠄ ᠵᠠᠯᠠᠶᠢᠨᠠᠭᠤᠷ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ