ᠵᠠᠯᠠᠶᠢᠨᠠᠭᠤᠷ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ︵ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠥᠷᠲᠡᠭᠡ︶ ᠠᠴᠠ ᠡᠮᠴᠢᠯᠡᠭᠡᠨ ᠤ ᠬᠠᠶᠠᠭᠳᠠᠮᠠᠯ ᠪᠣᠳᠠᠰ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/12/26
       ᠬᠠᠷᠢᠶᠠᠲᠤ ᠣᠷᠣᠨ ᠤ ᠳᠣᠲᠣᠷᠠᠬᠢ ᠡᠮᠴᠢᠯᠡᠭᠡᠨ ᠤ ᠪᠠᠶᠢᠭᠤᠯᠤᠮᠵᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ ᠬᠢᠨᠠᠯᠲᠠ ᠲᠠᠯᠪᠢᠬᠤ ᠠᠵᠢᠯ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠦᠯᠦᠭᠡ᠂ ᠵᠠᠯᠠᠶᠢᠨᠠᠭᠤᠷ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ︵ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠥᠷᠲᠡᠭᠡ︶ ᠠᠴᠠ ᠬᠠᠷᠢᠶᠠᠲᠤ ᠣᠷᠣᠨ ᠤ ᠬᠤᠶᠠᠷ ᠡᠮᠨᠡᠯᠭᠡ ᠶᠢᠨ ᠬᠤᠷᠢᠶ᠎ᠠ ᠳᠤ ᠡᠮᠴᠢᠯᠡᠭᠡᠨ ᠤ ᠬᠠᠶᠠᠭᠳᠠᠮᠠᠯ ᠪᠣᠳᠠᠰ ᠤᠨ ᠬᠢᠨᠠᠯᠲᠠ ᠪᠠᠶᠢᠴᠠᠭᠠᠯᠲᠠ ᠶᠢᠨ ᠠᠵᠢᠯ ᠢ ᠦᠷᠨᠢᠭᠦᠯᠪᠡ᠃ ᠲᠣᠰ ᠤᠳᠠᠭᠠᠨ ᠤ ᠪᠠᠶᠢᠴᠠᠭᠠᠯᠲᠠ ᠳᠤ ᠲᠤᠬᠠᠢ ᠶᠢᠨ ᠭᠠᠵᠠᠷ ᠢ ᠨᠢ ᠪᠠᠶᠢᠴᠠᠭᠠᠨ ᠦᠵᠡᠬᠦ᠂ ᠮᠠᠲ᠋ᠧᠷᠢᠶᠠᠯ ᠪᠠᠶᠢᠴᠠᠭᠠᠨ ᠦᠵᠡᠬᠦ᠂ ᠬᠤᠯᠪᠣᠭᠳᠠᠯ ᠪᠦᠬᠦᠢ ᠬᠥᠮᠥᠰ ᠠᠴᠠ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠨᠠᠯᠲᠠ ᠪᠠᠶᠢᠴᠠᠭᠠᠯᠲᠠ ᠬᠢᠪᠡ᠃
20241226165756599ribah4_l.png
ᠢᠷᠡᠯᠲᠡ᠄ ᠵᠠᠯᠠᠶᠢᠨᠠᠭᠤᠷ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ