11 ᠳ᠋ᠤᠭᠡᠷ ᠰᠠᠷ᠎ᠠ ᠶᠢᠨ 22 ᠤᠨ ᠡᠳᠦᠷ᠂ ᠬᠥᠯᠥᠨ ᠪᠤᠶᠢᠷ ᠬᠤᠲᠠ ᠬᠤᠸᠠ ᠨᠧᠩ ᠥᠪᠥᠷ ᠮᠣᠩᠭᠤᠯ ᠤᠨ ᠵᠡᠭᠦᠨ ᠬᠡᠰᠡᠭ ᠤᠨ ᠡᠨᠧᠷᠭᠢ ᠶᠢᠨ ᠬᠢᠵᠠᠭᠠᠷᠲᠤ | ᠺᠣᠮᠫᠠᠨᠢ ᠲᠠᠢ ᠠᠵᠢᠯ ᠤᠨ ᠵᠥᠪᠳᠡᠯᠴᠡᠭᠡ ᠬᠢᠵᠦ᠂ ᠣᠷᠣᠨ ᠨᠤᠲᠤᠭ ᠪᠠ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠡᠨᠧᠷᠭᠢ ᠶᠢᠨ ᠬᠦᠷᠢᠶᠡᠨ ᠳᠠᠬᠢ ᠪᠠᠶᠢᠭᠤᠯᠵᠤ | ᠪᠠᠶᠢᠭ᠎ᠠ ᠪᠠ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ ᠬᠡᠷᠡᠭᠵᠢᠭᠦᠯᠦᠯᠲᠡ᠂ ᠢᠷᠡᠬᠦ ᠵᠢᠯ ᠵᠢᠴᠢ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠦᠯᠦᠪᠵᠢᠬᠦᠯᠭᠡ ᠶᠢᠨ ᠲᠥᠷᠥᠯ ᠵᠦᠢᠯ ᠢ ᠲᠥᠰᠦᠪᠯᠡᠨ ᠠᠬᠢᠭᠤᠯᠬᠤ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠤ᠂ ᠲᠠᠷᠠᠭᠠᠴᠢ ᠶᠢᠨ ᠠᠯᠬᠤᠮ ᠳᠤ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠶ ᠬᠠᠮᠲᠤ ᠶᠢᠨ ᠲᠠᠨᠢᠯᠲᠠ ᠲᠠᠢ ᠪᠣᠯᠪᠠ᠃ | | | | ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ | ᠶᠦᠩ ᠴᠢᠶᠠᠨ᠂ ᠬᠤᠸᠠ ᠨᠧᠩ ᠥᠪᠥᠷ ᠮᠣᠩᠭᠤᠯ ᠤᠨ ᠵᠡᠭᠦᠨ ᠬᠡᠰᠡᠭ ᠤᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠶᠡᠷᠦᠩᠬᠡᠶ ᠳᠠᠭᠠᠭᠠᠮᠠᠯ ᠯᠢ ᠱᠦ ᠰᠢᠤᠸᠠᠢ ᠬᠤᠷᠠᠯ ᠳᠤ ᠣᠷᠣᠯᠴᠠᠪᠠ᠃ | ᠸᠠᠩ ᠸᠠᠩ ᠱᠧᠩ᠂ ᠤᠢᠢᠷ᠎ᠠ ᠶᠢᠨ ᠵᠢᠯ ᠠᠴᠠ ᠣᠷᠣᠨ ᠨᠤᠲᠤᠭ ᠪᠠ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ︽ᠲᠠᠪᠤᠨ ᠶᠡᠭᠡ ᠡᠭᠦᠷᠭᠡ︾ ᠪᠠ ︽ | ᠵᠢᠷᠭᠤᠭᠠᠨ ᠢᠨᠵᠧᠨᠧᠷᠢᠩ︾ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠯ ᠵᠦᠢᠯ ᠢ ᠣᠨᠣᠪᠴᠢᠲᠠᠢ ᠲᠥᠯᠥᠪᠵᠢᠭᠦᠯᠦᠨ ᠨᠠᠶᠢᠳᠠᠪᠤᠷᠢᠵᠢᠭᠤᠯᠵᠤ᠂ ᠡᠨᠧᠷᠭᠢ ᠶᠢᠨ | ᠬᠠᠩᠭᠠᠯᠭ᠎ᠠ ᠶᠢ ᠪᠠᠲᠤᠯᠠᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠵᠡᠷᠭᠡ ᠲᠠᠯ᠎ᠠ ᠪᠠᠷ ᠪᠣᠳᠠᠲᠠᠢ ᠶᠢ | ᠡᠷᠬᠢᠮᠯᠡᠭᠰᠡᠨ ᠥᠨᠳᠥᠷ ᠪᠦᠲᠦᠮᠵᠢᠲᠡᠢ ᠬᠠᠮᠲᠤᠷᠠᠯᠴᠠᠭ᠎ᠠ ᠥᠷᠨᠢᠭᠦᠯᠪᠡ᠃ ᠢᠯᠠᠩᠭᠤᠶ᠎ᠠ ᠡᠨᠡ ᠵᠢᠯ ᠠᠴᠠ ᠨᠠᠭᠠᠰᠢ᠂ ᠪᠥᠬᠦ ᠬᠤᠲᠠ ᠶᠢᠨ ︽ᠳᠤᠯᠠᠭᠠᠯᠠᠭ᠎ᠠ ᠶᠢᠨ | ᠢᠨᠵᠧᠨᠧᠷᠢᠩ︾ ᠯᠠᠪᠳᠠᠭᠤᠨ ᠪᠠᠲᠤᠲᠠᠶ ᠠᠭᠢᠵᠤ᠂ ᠬᠤᠸᠠ ᠨᠧᠩ ᠥᠪᠥᠷ ᠮᠣᠩᠭᠤᠯ ᠤᠨ ᠵᠡᠭᠦᠨ ᠬᠡᠰᠡᠭ ᠤᠨ ᠺᠣᠮᠫᠠᠨᠢ ᠶᠢᠨ ᠭᠠᠷ ᠬᠤᠯᠪᠣᠨ ᠲᠤᠰᠠᠯᠠᠭᠰᠠᠨ ᠠᠴᠠ | ᠰᠠᠯᠵᠤ ᠴᠢᠳᠠᠬᠤ ᠥᠬᠡᠶ ᠶᠤᠮ᠂ ᠬᠤᠶᠠᠷ ᠲᠠᠯ᠎ᠠ ᠪᠠᠷ ᠢᠶᠠᠨ ᠣᠲᠣ ᠶᠢᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠲᠠᠪᠴᠠᠩ ᠪᠠ ᠠᠵᠢᠯᠯᠠᠭᠠᠨ ᠤ ᠲᠣᠭᠲᠠᠴᠠ ᠪᠠᠨ | ᠰᠠᠶᠢᠲᠤᠷ ᠪᠠᠶᠢᠭᠤᠯᠵᠤ᠂ ᠣᠶᠤᠨᠴᠢ ᠪᠠᠷ ᠢᠯᠴᠢ ᠬᠠᠩᠭᠠᠬᠤ ᠥᠯᠢᠭᠡᠷ ᠳᠠᠭᠤᠷᠢᠶᠠᠯ ᠢ ᠬᠠᠮᠲᠤ ᠪᠠᠷ ᠡᠭᠦᠳᠬᠦ ᠬᠡᠷᠡᠭᠲᠡᠶ᠃ ᠣᠳᠣᠬᠠᠨ ᠳᠤ᠂ ᠬᠥᠯᠥᠨ ᠪᠤᠶᠢᠷ ᠶᠠᠭ | ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠬᠦᠯᠦᠨ ᠮᠠᠯᠵᠢᠬᠤ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠪᠤᠢ᠂ ᠬᠤᠸᠠ ᠨᠧᠩ ᠪᠦᠯᠦᠭᠯᠡᠯᠲᠦ ᠺᠣᠮᠫᠠᠨᠢ ᠶᠢᠨ ᠬᠢᠨ ᠡᠭᠦᠨ ᠳᠤ ᠢᠳᠡᠪᠬᠢᠲᠡᠢ ᠣᠷᠣᠯᠴᠠᠵᠤ᠂ ᠬᠤᠶᠠᠳᠤᠭᠠᠷ ᠠᠵᠤ | ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠲᠡᠳᠬᠦᠬᠦ ᠠᠷᠭ᠎ᠠ ᠵᠠᠮ ᠤᠨ ᠵᠠᠭᠪᠤᠷ ᠢ ᠰᠦᠪᠡᠭᠴᠢᠯᠡᠬᠦ ᠶᠢ ᠬᠦᠰᠡᠵᠦ ᠪᠠᠶᠢᠨ᠎ᠠ᠃ ᠡᠯᠡᠰᠦ ᠮᠠᠩᠬ᠎ᠠ ᠶᠢ ᠰᠡᠷᠭᠡᠶᠢᠯᠡᠨ | ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ᠂ ︽ᠰᠠᠯᠬᠢ ᠵᠠᠯᠠᠬᠤ ᠠᠵᠢᠯᠯᠠᠭ᠎ᠠ︾ ᠵᠡᠷᠭᠡ ᠲᠥᠷᠥᠯ ᠵᠦᠢᠯ ᠢ ᠬᠡᠷᠡᠭᠵᠢᠭᠦᠯᠬᠦ ᠶᠢᠨ ᠬᠠᠮᠲᠤ᠂ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠰᠢᠨ᠎ᠡ ᠡᠨᠧᠷᠭᠢ ᠬᠢᠭᠡᠳ ᠤᠯᠠᠮᠵᠢᠯᠠᠯᠲᠤ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ | ᠠᠰᠢᠭ ᠲᠤᠰᠠ ᠶᠢ ᠬᠠᠮᠤᠭ ᠤᠨ ᠶᠡᠭᠡ ᠪᠣᠯᠭᠠᠬᠤ ᠪᠠᠷ ᠴᠢᠷᠮᠠᠶᠢᠬᠤ ᠬᠡᠷᠡᠭᠲᠡᠶ᠃ ᠪᠠᠶᠢᠭᠤᠯᠵᠤ ᠪᠠᠶᠢᠭ᠎ᠠ᠂ ᠦᠷᠭᠦᠯᠵᠢᠯᠡᠨ ᠪᠠᠶᠢᠭᠤᠯᠵᠤ ᠪᠠᠶᠢᠭ᠎ᠠ ᠲᠥᠷᠥᠯ ᠵᠦᠢᠯ ᠳᠤ | ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠲᠦᠷᠭᠡᠬᠡᠨ ᠪᠠᠶᠢᠭᠤᠯᠵᠤ᠂ | ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠶ᠃ ᠢᠷᠡᠬᠦ ᠵᠢᠯ ᠵᠢᠴᠢ ︽ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢᠨ | ᠰᠡᠳᠬᠢᠴᠡ ᠶᠢ ᠰᠤᠳᠤᠯᠤᠨ ᠲᠥᠯᠥᠪᠵᠢᠭᠦᠯᠬᠦ ᠳᠡᠭᠡᠨ᠂ ᠠᠯᠤᠰ ᠬᠡᠲᠦ ᠳᠤ ᠰᠠᠭᠤᠷᠢᠯᠠᠨ᠂ ᠪᠥᠬᠦ ᠲᠠᠯ᠎ᠠ ᠪᠠᠷ ᠪᠣᠳᠣᠯᠬᠢᠯᠠᠵᠤ᠂ ᠵᠣᠷᠢᠭᠲᠠᠶ ᠪᠠᠷ ᠰᠢᠨ᠎ᠡ ᠶᠢ ᠡᠭᠦᠳᠴᠦ᠂ | ᠨᠢᠭᠡ ᠪᠦᠯᠦᠭ ᠰᠢᠨ᠎ᠡ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠢᠳᠡᠪᠬᠢᠲᠡᠶ ᠲᠥᠯᠥᠪᠵᠢᠭᠦᠯᠦᠨ ᠡᠬᠢᠯᠡᠭᠦᠯᠵᠦ᠂ ᠣᠷᠣᠨ ᠨᠤᠲᠤᠭ ᠠᠵᠤ ᠠᠬᠤᠶᠢᠯᠠᠯ | ᠬᠠᠮᠵᠢᠯᠴᠠᠨ ᠬᠥᠭᠵᠢᠬᠦ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠶ ᠭᠡᠵᠡᠢ᠃ | ᠯᠢ ᠱᠦ ᠰᠢᠤᠸᠠᠢ᠂ ᠬᠤᠸᠠ ᠨᠧᠩ ᠥᠪᠥᠷ ᠮᠣᠩᠭᠤᠯ ᠤᠨ ᠵᠡᠭᠦᠨ ᠬᠡᠰᠡᠭ ᠤᠨ ᠺᠣᠮᠫᠠᠨᠢ ᠤᠯᠤᠰ ᠤᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ | ᠣᠨᠣᠪᠴᠢᠲᠠᠶ ᠡᠵᠡᠮᠳᠡᠵᠦ᠂ ᠠᠵᠤ ᠠᠬᠤᠶᠢᠯᠠᠯ ᠤᠨ ᠪᠠᠯᠠ ᠮᠥᠩᠭᠦ᠂ ᠮᠡᠷᠭᠡᠵᠢᠯ᠂ ᠴᠢᠳᠠᠪᠤᠷᠢᠲᠠᠨ ᠤ ᠳᠠᠪᠠᠭᠤᠯᠢᠭ ᠪᠣᠯᠤᠨ ᠣᠷᠣᠨ ᠨᠤᠲᠤᠭ ᠤᠨ ᠡᠬᠢ ᠪᠠᠶᠠᠯᠢᠭ ᠤᠨ | ᠳᠠᠪᠠᠭᠤᠯᠢᠭ ᠢ ᠭᠦᠢᠴᠡᠳ ᠤᠶᠠᠯᠳᠤᠭᠤᠯᠵᠤ᠂ ᠨᠡᠭᠦᠷᠡᠰᠦ᠂ ᠴᠠᠬᠢᠯᠭᠠᠨ ᠬᠦᠴᠦ᠂ ᠰᠢᠨ᠎ᠡ ᠡᠨᠧᠷᠭᠢ᠂ ᠢᠯᠴᠢ ᠬᠠᠩᠭᠠᠬᠤ ᠵᠡᠷᠭᠡ ᠡᠨᠧᠷᠭᠢ ᠶᠢᠨ ᠬᠦᠷᠢᠶᠡᠨ ᠤ ᠲᠥᠷᠥᠯ | ᠵᠦᠢᠯ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠳᠤᠮᠳᠠ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ | ᠬᠥᠭᠵᠢᠯᠲᠡ ᠪᠣᠯᠤᠨ ᠣᠷᠣᠨ ᠨᠤᠲᠤᠭ ᠤᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠬᠠᠷᠢᠯᠴᠠᠨ ᠠᠬᠢᠭᠤᠯᠵᠤ ᠬᠠᠷᠢᠯᠴᠠᠨ ᠠᠬᠢᠭᠤᠯᠤᠭᠰᠠᠨ ᠰᠢᠨ᠎ᠡ | ᠪᠠᠶᠢᠳᠠᠯ ᠢ ᠪᠣᠶ ᠪᠣᠯᠭᠠᠬᠤ ᠶᠢ ᠠᠬᠢᠭᠤᠯᠤᠨ᠎ᠠ ᠭᠡᠵᠦ ᠢᠯᠡᠳᠬᠡᠪᠡ᠃ |