11 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ | ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠶᠡᠷᠦᠩᠬᠡᠶ ᠳᠠᠭᠠᠭᠠᠮᠠᠯ ᠵᠠᠩ ᠴᠤᠸᠠᠨ ᠵᠢᠶᠠᠩ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ | ᠡᠨᠧᠷᠭᠢ ᠶᠢᠨ ᠬᠦᠷᠢᠶᠡᠨ ᠳᠠᠬᠢ ᠬᠠᠮᠲᠤᠷᠠᠯᠴᠠᠭ᠎ᠠ ᠶᠢ ᠴᠢᠩᠭᠠᠳᠬᠠᠬᠤ᠂ ᠡᠨᠧᠷᠭᠢ ᠶᠢᠨ ᠠᠮᠤᠷ ᠲᠦᠪᠰᠢᠨ ᠲᠣᠭᠲᠠᠭᠤᠨ ᠬᠠᠩᠭᠠᠯᠭ᠎ᠠ ᠶᠢ ᠪᠠᠲᠤᠯᠠᠬᠤ᠂ ᠠᠵᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠬᠤ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠶ ᠰᠣᠯᠢᠯᠴᠠᠪᠠ᠃ | | | | ᠸᠠᠩ ᠸᠠᠩ ᠱᠧᠩ ᠵᠠᠩ ᠴᠤᠸᠠᠨ ᠵᠢᠶᠠᠩ ᠨᠠᠷ ᠤᠨ ᠠᠶᠢᠯᠴᠢᠯᠠᠷ᠎ᠠ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠳᠤᠮᠳᠠᠳᠤ | ᠤᠯᠤᠰ ᠤᠨ ᠳ᠋ᠠ ᠲᠠᠩ ᠪᠣᠯ ᠭᠤᠣᠯᠯᠠᠭᠴᠢ ᠲᠥᠪ ᠤᠨ ᠠᠵᠤ ᠠᠬᠤᠶᠢᠯᠠᠯ ᠪᠣᠯᠤᠨ᠎ᠠ᠂ ᠤᠢᠢᠷ᠎ᠠ ᠶᠢᠨ ᠵᠢᠯ ᠳᠤ ᠮᠠᠨ ᠤ ᠬᠤᠳᠠ ᠳᠤ ᠨᠤᠲᠤᠭᠰᠢᠭᠰᠠᠨ ᠬᠤᠯᠪᠣᠭᠳᠠᠯ | ᠪᠦᠬᠦᠢ ᠠᠵᠤ ᠠᠬᠤᠶᠢᠯᠠᠯ ᠨᠢ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠵᠡᠢ᠃ | ᠣᠳᠣᠬᠠᠨ ᠳᠤ᠂ ᠬᠥᠯᠥᠨ ᠪᠤᠶᠢᠷ ᠬᠤᠲᠠ ᠶᠠᠭ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠠᠩᠭᠢᠯᠠᠭ᠎ᠠ ᠶᠢᠨ | ᠬᠤᠭᠤᠴᠠᠭᠠᠨ ᠳᠤ ᠣᠷᠣᠰᠢᠵᠤ ᠪᠠᠶᠢᠨ᠎ᠠ᠂ ᠣᠷᠣᠨ ᠨᠤᠲᠤᠭ ᠪᠠ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠤᠯᠤᠰ ᠪᠠ ᠥᠪᠡᠷᠲᠡᠭᠡᠨ ᠵᠠᠰᠠᠬᠤ ᠣᠷᠣᠨ ᠤ | ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠡᠵᠡᠮᠳᠡᠵᠦ᠂ ᠡᠨᠧᠷᠭᠢ ᠶᠢᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ | ᠬᠦᠴᠦ ᠪᠠᠨ ᠬᠠᠮᠲᠤᠳᠬᠠᠨ ᠠᠵᠤ ᠦᠢᠯᠡᠰ ᠪᠠ ᠠᠵᠤ ᠠᠬᠤᠶᠢᠯᠠᠯ ᠤᠨ ᠬᠥᠭᠵᠢᠯᠲᠡ ᠶᠢᠨ ᠪᠣᠭᠤᠮᠢ ᠶᠢ ᠰᠢᠪᠲᠤᠯᠵᠤ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ | ᠲᠦᠪᠰᠢᠨ ᠤ ᠬᠠᠮᠠᠭᠠᠯᠠᠯᠲᠠ ᠶᠢ ᠬᠠᠮᠵᠢᠯᠴᠠᠨ ᠠᠬᠢᠭᠤᠯᠬᠤ ᠳᠤᠮᠳᠠ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ | ᠭᠡᠵᠡᠢ᠃ ᠵᠠᠩ ᠴᠤᠸᠠᠨ ᠵᠢᠶᠠᠩ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠡᠷᠭᠡ ᠦᠨᠳᠦᠰᠦᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ᠂ ᠬᠤᠶᠠᠷ | ᠲᠠᠯ᠎ᠠ ᠪᠠᠷ ᠢᠶᠠᠨ ᠤᠷᠳᠤ ᠬᠤᠭᠤᠴᠠᠭᠠᠨ ᠤ ᠬᠠᠮᠲᠤᠷᠠᠯᠴᠠᠭ᠎ᠠ ᠳᠤᠮᠳᠠ ᠭᠦᠨ ᠵᠤᠵᠠᠭᠠᠨ ᠨᠥᠬᠦᠷᠯᠡᠯ ᠪᠠᠶᠢᠭᠤᠯᠵᠤ᠂ ᠳ᠋ᠠ ᠲᠠᠩ ᠪᠦᠯᠦᠭᠯᠡᠯ ᠲᠤᠰ ᠪᠡᠶ᠎ᠡ ᠶᠢᠨ | ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ᠂ ᠪᠤᠬᠢᠷᠳᠤᠯ ᠦᠭᠡᠢ ᠴᠠᠬᠢᠯᠭᠠᠨ ᠪᠤᠬᠢᠷᠳᠤᠯ ᠦᠭᠡᠢ ᠤᠰᠤᠲᠥ᠋ᠷᠥᠭᠴᠢ | ᠵᠡᠷᠭᠡ ᠲᠠᠯ᠎ᠠ ᠶᠢᠨ ᠲᠣᠭᠤᠷᠢᠨ ᠳᠤ ᠬᠠᠮᠲᠤᠷᠠᠯᠴᠠᠭ᠎ᠠ ᠪᠠᠨ ᠥᠷᠭᠡᠳᠬᠡᠵᠦ᠂ ᠬᠥᠯᠥᠨ ᠪᠤᠶᠢᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠢᠶᠠᠨ | ᠡᠷᠭᠦᠨ᠎ᠡ ᠭᠡᠵᠦ ᠢᠯᠡᠳᠬᠡᠪᠡ᠃ |