11 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠥᠪᠥᠷ ᠮᠣᠩᠭᠤᠯ ᠤᠨ ᠡᠳᠦᠷ ᠤᠨ ᠰᠣᠨᠢᠨ ᠤ | ᠬᠤᠷᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠳᠡᠳ᠋ ᠬᠤᠷᠢᠶᠠᠨ ᠳᠠᠷᠤᠭ᠎ᠠ᠂ ᠶᠡᠷᠦᠩᠬᠡᠶ ᠨᠠᠶᠢᠷᠠᠭᠤᠯᠤᠭᠴᠢ ᠯᠢᠦ ᠵᠢᠩ ᠲᠠᠢ ᠠᠭᠤᠯᠵᠠᠵᠤ᠂ ᠬᠤᠶᠠᠷ | ᠲᠠᠯ᠎ᠠ ᠪᠠᠷ ᠢᠶᠠᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ᠂ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭ ᠢ ᠡᠭᠦᠳᠬᠦ ᠵᠡᠷᠭᠡ | ᠲᠠᠯ᠎ᠠ ᠪᠠᠷ ᠭᠦᠨᠵᠡᠭᠡᠶ ᠰᠠᠨᠠᠯ ᠢᠶᠠᠨ ᠰᠣᠯᠢᠯᠴᠠᠪᠠ᠃ | | | | ᠸᠠᠩ ᠸᠠᠩ ᠱᠧᠩ ᠯᠢᠦ ᠵᠢᠩ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠡᠨᠡ ᠵᠢᠯ᠂ ᠬᠥᠯᠥᠨ ᠪᠤᠶᠢᠷ ᠬᠤᠳᠠ ᠨᠠᠮ ᠤᠨ ᠲᠥᠪ | ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠣᠭᠤᠷᠢᠨ ᠳᠤ ᠲᠠᠪᠤᠨ ᠥᠭᠡᠷᠡᠴᠢᠯᠡᠯᠲᠡ ᠶᠢᠨ ᠰᠡᠳᠦᠪ ᠢ ᠳᠤᠷᠠᠳᠴᠠᠢ᠂ ᠡᠭᠦᠨ ᠳᠤ ᠨᠢᠭᠡᠳᠦᠭᠡᠷ ᠰᠡᠳᠦᠪ ᠨᠢ ᠳᠠᠷᠤᠢ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠭᠤᠰᠢᠯᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ | ᠤᠨᠴᠠᠯᠢᠬᠳᠤ ᠲᠦᠷᠦᠯ ᠲᠡᠮᠳᠡᠭ ᠢ ᠬᠦᠴᠦᠯᠡᠨ ᠴᠣᠭᠴᠠᠯᠠᠨ᠎ᠠ︾᠂ ᠣᠳᠣᠬᠠᠨ ᠳᠤ ᠶᠠᠭ ᠪᠠᠴᠢᠮ ᠶᠠᠭᠠᠷᠠᠯᠲᠠᠢ ᠠᠬᠢᠭᠤᠯᠵᠤ᠂ ᠰᠤᠳᠤᠯᠤᠨ ᠲᠠᠶᠢᠯᠪᠤᠷᠢᠯᠠᠬᠤ᠂ ᠵᠣᠬᠢᠶᠠᠨ | ᠪᠦᠲᠦᠭᠡᠵᠦ ᠦᠢᠯᠡᠳᠪᠦᠷᠢᠯᠡᠬᠦ᠂ ᠤᠯᠠᠮᠵᠢᠯᠠᠨ ᠳᠡᠯᠭᠡᠷᠡᠭᠦᠯᠬᠦ ᠵᠡᠷᠭᠡ ᠠᠵᠢᠯ ᠲᠠᠰᠤᠷᠠᠯᠳᠠ ᠦᠭᠡᠢ ᠭᠦᠨᠵᠡᠭᠡᠶᠢᠷᠡᠵᠦ ᠪᠠᠶᠢᠨ᠎ᠠ᠃ ᠡᠷᠬᠢᠮ ᠬᠤᠷᠢᠶᠠᠨ ᠤ ᠬᠢᠨ ᠬᠥᠯᠥᠨ | ᠪᠤᠶᠢᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠦᠷᠭᠦᠯᠵᠢᠯᠡᠨ ᠠᠩᠬᠠᠷᠴᠤ᠂ ᠮᠡᠳᠡᠭᠡᠯᠡᠬᠦ ᠡᠷᠴᠢᠮ ᠢᠶᠠᠨ ᠴᠢᠩᠭᠠᠷᠠᠭᠤᠯᠵᠤ᠂ ᠪᠢᠳᠡᠨ ᠢ ᠬᠠᠪᠰᠤᠷᠤᠨ ︽ | ᠤᠮᠠᠷᠠᠲᠤ ᠬᠢᠯᠢ ᠶᠢᠨ ᠰᠣᠶᠣᠯ︾ ᠬᠥᠯᠥᠨ ᠪᠤᠶᠢᠷ ᠤᠨ ᠤᠨᠴᠠᠯᠢᠬᠳᠤ ᠲᠦᠷᠦᠯ ᠲᠡᠮᠳᠡᠭ ᠢ ᠡᠭᠦᠳᠴᠦ᠂ ᠤᠮᠠᠷᠠᠲᠤ ᠬᠢᠯᠢ ᠶᠢᠨ ᠡᠬᠡ ᠭᠠᠵᠠᠷ ᠲᠤ ᠦᠨᠳᠦᠰᠦᠯᠡᠭᠰᠡᠨ | ᠰᠢᠯᠢᠳᠡᠭ ᠰᠣᠶᠣᠯ ᠢ ᠰᠢᠨ᠎ᠡ ᠴᠠᠭ ᠦᠶ᠎ᠡ ᠳᠤ ᠬᠠᠮᠲᠤ ᠪᠠᠷ ᠬᠥᠭᠵᠢᠭᠡᠬᠦ ᠶᠢ ᠬᠦᠰᠡᠵᠦ ᠪᠠᠶᠢᠨ᠎ᠠ ᠭᠡᠵᠡᠢ᠃ | ᠯᠢᠦ ᠵᠢᠩ᠂ ᠬᠥᠯᠥᠨ ᠪᠤᠶᠢᠷ ᠤᠨ ᠲᠡᠦᠬᠡ ᠰᠣᠶᠣᠯ ᠤᠨ ᠠᠭᠤᠯᠤᠭᠳᠠᠬᠤᠨ ᠭᠦᠨ ᠵᠤᠵᠠᠭᠠᠨ᠂ ᠦᠨᠡᠨ ᠪᠣᠳᠠᠲᠠᠢ ᠲᠦᠷᠦᠭᠳᠡᠯ ᠲᠠᠢ ᠪᠠᠶᠢᠵᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠮᠢᠳᠤᠯᠢᠭ ᠦᠢᠯᠡᠳᠦᠯᠭᠡ ᠨᠢ ᠦᠨᠳᠦᠰᠦᠲᠡᠨ ᠨᠦᠭᠦᠳ ᠤᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠤᠨ ᠦᠯᠢᠭᠡᠷ ᠢ ᠰᠠᠶᠢᠲᠤᠷ ᠶᠠᠷᠢᠬᠤ ᠳᠤ ᠠᠮᠢᠳᠤᠯᠢᠭ ᠪᠠᠶᠠᠯᠢᠭ ᠪᠣᠷᠣ ᠮᠠᠲ᠋ᠧᠷᠢᠶᠠᠯ ᠬᠠᠩᠭᠠᠪᠠ᠃ ᠥᠪᠥᠷ ᠮᠣᠩᠭᠤᠯ ᠤᠨ ᠡᠳᠦᠷ ᠤᠨ | ᠰᠣᠨᠢᠨ ᠤ ᠬᠤᠷᠢᠶ᠎ᠠ ᠰᠢᠯᠢᠳᠡᠭ ᠴᠡᠷᠢᠭ ᠬᠦᠴᠦᠷᠬᠡᠭ ᠵᠠᠩᠵᠤᠨ ᠲᠣᠬᠢᠷᠠᠭᠤᠯᠵᠤ᠂ ᠤᠷᠤᠭᠰᠢᠯᠠᠬᠤ ᠮᠠᠶ᠋ᠢᠭ ᠤᠨ᠂ ᠭᠦᠨᠵᠡᠭᠡᠶᠢᠷᠡᠬᠦ ᠮᠠᠶ᠋ᠢᠭ ᠤᠨ᠂ ᠪᠡᠶᠡᠴᠢᠯᠡᠨ | ᠣᠶᠢᠯᠠᠭᠠᠬᠤ ᠮᠠᠶ᠋ᠢᠭ ᠤᠨ ᠠᠷᠭ᠎ᠠ ᠮᠠᠶ᠋ᠢᠭ ᠠᠪᠴᠤ᠂ ᠪᠦᠷᠢᠨ ᠵᠠᠭᠤᠴᠢᠯᠠᠭᠤᠷ ᠤᠨ ᠦᠢᠯᠡᠳᠪᠦᠷᠢᠯᠡᠯ ᠳᠠᠮᠵᠢᠭᠤᠯᠭ᠎ᠠ ᠶᠢᠨ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠵᠤ᠂ | ᠬᠥᠯᠥᠨ ᠪᠤᠶᠢᠷ ᠤᠨ ᠰᠠᠶᠢᠨ ᠰᠠᠶᠢᠬᠠᠨ ᠳᠦᠷᠢ ᠲᠥᠷᠬᠦ ᠶᠢ ᠰᠠᠶᠢᠲᠤᠷ ᠢᠯᠡᠷᠡᠭᠦᠯᠬᠦ ᠳᠤ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠳᠡᠮᠵᠢᠯᠭᠡ ᠬᠠᠩᠭᠠᠨ᠎ᠠ ᠭᠡᠵᠦ | ᠢᠯᠡᠷᠬᠡᠶᠢᠯᠡᠪᠡ᠃ |