ᠸᠠᠩ ᠸᠠᠩ ᠱᠧᠩ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/12/3
       11 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠥᠯᠥᠨ ᠪᠤᠶᠢᠷ ᠳᠡᠭᠡᠳᠦ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠪᠠ᠃ ᠰᠤᠷᠭᠠᠭᠤᠯᠢ ᠶᠢᠨ ᠲᠡᠦᠬᠡ ᠶᠢᠨ ᠣᠷᠳᠣᠨ ᠳᠤ᠂ ᠸᠠᠩ ᠸᠠᠩ ᠱᠧᠩ ᠰᠤᠷᠭᠠᠭᠤᠯᠢ ᠶᠢᠨ ᠲᠡᠦᠬᠡ ᠶᠢᠨ ᠤᠯᠠᠷᠢᠯ ᠬᠤᠪᠢᠰᠤᠯ ᠪᠣᠯᠤᠨ ᠤᠢᠢᠷ᠎ᠠ ᠶᠢᠨ ᠵᠢᠯ ᠤᠨ ᠠᠮᠵᠢᠯᠲᠠ ᠪᠦᠲᠦᠮᠵᠢ ᠶᠢ ᠨᠠᠷᠢᠨ ᠣᠶᠢᠯᠠᠭᠠᠪᠠ᠃ ᠳᠠᠷᠠᠭ᠎ᠠ ᠨᠢ ᠪᠠᠷᠢᠯᠭ᠎ᠠ ᠶᠢᠨ ᠳᠡᠭᠡᠳᠦ ᠰᠤᠷᠭᠠᠭᠤᠯᠢ ᠪᠠ ᠪᠠᠷᠢᠯᠭ᠎ᠠ ᠶᠢᠨ ᠢᠨᠵᠧᠨᠧᠷᠢᠩ ᠤᠨ ᠳᠡᠭᠡᠳᠦ ᠰᠤᠷᠭᠠᠭᠤᠯᠢ ᠳᠤ ᠬᠦᠷᠴᠦ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠡᠭᠦᠳᠦᠯᠲᠡ ᠪᠠ ᠴᠢᠳᠠᠪᠤᠷᠢᠲᠠᠨ ᠢ ᠬᠥᠮᠦᠵᠢᠭᠦᠯᠦᠭᠰᠡᠨ ᠪᠠᠶᠢᠳᠠᠯ ᠢ ᠯᠠᠪᠯᠠᠨ ᠠᠰᠠᠭᠤᠪᠠ᠃ ᠸᠠᠩ ᠸᠠᠩ ᠱᠧᠩ᠂ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠲᠥᠯᠥᠪᠵᠢᠭᠦᠯᠬᠦ ᠲᠤᠰᠢᠶᠠᠯ ᠬᠠᠷᠢᠭᠤᠴᠠᠯᠭ᠎ᠠ ᠶᠢ ᠰᠠᠶᠢᠲᠤᠷ ᠪᠠᠳᠠᠷᠠᠭᠤᠯᠵᠤ᠂ ᠣᠷᠣᠨ ᠨᠤᠲᠤᠭ ᠪᠣᠯᠤᠨ ᠶᠡᠭᠡ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠮᠲᠤᠷᠠᠯᠴᠠᠨ ᠠᠭᠤᠰᠤᠯᠴᠠᠬᠤ᠂ ᠬᠤᠯᠪᠣᠭᠠᠯᠠᠨ ᠬᠠᠮᠵᠢᠯᠴᠠᠬᠤ ᠵᠡᠷᠭᠡ ᠲᠠᠯ᠎ᠠ ᠶᠢᠨ ᠳᠦᠷᠢᠮ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠪᠣᠯᠤᠨ ᠠᠵᠤ ᠦᠢᠯᠡᠰ ᠤᠨ ᠬᠤᠭᠤᠷᠣᠨᠳᠣᠬᠢ ᠰᠠᠶᠢᠨ ᠬᠤᠷᠰᠢᠯ ᠢ ᠪᠡᠶᠡᠯᠡᠭᠦᠯᠬᠦ ᠬᠡᠷᠡᠭᠲᠡᠢ᠃ ᠰᠤᠷᠭᠠᠭᠤᠯᠢ ᠨᠢ ᠠᠵᠤ ᠠᠬᠤᠶ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠳᠠᠭᠠᠯᠳᠤᠨ᠂ ᠬᠢᠴᠢᠶᠡᠯ ᠲᠥᠷᠥᠯ ᠤᠨ ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠵᠦ᠂ ᠣᠨᠴᠠᠯᠢᠭᠲᠤ ᠲᠤᠰᠬᠠᠶ ᠮᠡᠷᠭᠡᠵᠢᠯ ᠢ ᠰᠠᠶᠢᠲᠤᠷ ᠡᠷᠭᠢᠯᠡᠨ᠂ ᠣᠷᠣᠨ ᠨᠤᠲᠤᠭ ᠤᠨ ᠠᠵᠤ ᠦᠢᠯᠡᠰ ᠤᠨ ᠬᠥᠭᠵᠢᠯᠲᠡ ᠯᠦᠭᠡ ᠨᠢᠭᠲᠠ ᠵᠣᠯᠭᠠᠭᠤᠯᠵᠤ᠂ ᠴᠠᠭ ᠦᠶ᠎ᠡ ᠶᠢᠨ ᠬᠥᠭᠵᠢᠯᠲᠡ ᠳᠤ ᠵᠣᠬᠢᠴᠠᠭᠰᠠᠨ ᠨᠠᠩ ᠣᠯᠠᠨ ᠥᠨᠳᠥᠷ ᠬᠡᠪ ᠴᠢᠨᠠᠷ ᠲᠠᠢ ᠴᠢᠳᠠᠪᠤᠷᠢᠲᠠᠨ ᠢ ᠬᠦᠮᠦᠵᠢᠬᠦᠯᠬᠦ ᠬᠡᠷᠡᠭᠳᠡᠢ ᠭᠡᠵᠡᠢ᠃
2024-12-3-8.jpg
       ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ ᠤᠨ ᠦᠨᠳᠦᠰᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠡᠨᠡ ᠬᠦ ᠠᠵᠢᠯ ᠢ ᠮᠠᠰᠢ ᠠᠩᠬᠠᠷᠴᠤ᠂ ᠲᠡᠭᠦᠨ ᠢ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠰᠡᠳᠦᠪ ᠲᠤ ᠣᠷᠣᠭᠤᠯᠪᠠ᠃ ᠣᠶᠢᠷ᠎ᠠ ᠶᠢᠨ ᠬᠤᠭᠤᠴᠠᠭᠠᠨ ᠳᠤ᠂ ᠸᠠᠩ ᠸᠠᠩ ᠱᠧᠩ ᠶᠡᠭᠡ ᠳᠡᠭᠡᠳᠦ ᠰᠤᠷᠭᠠᠭᠤᠯᠢ ᠪᠠ ᠬᠡᠰᠡᠭ ᠳᠤᠮᠳᠠᠳᠤ ᠪᠠᠭ᠎ᠠ ᠰᠤᠷᠭᠠᠭᠤᠯᠢ ᠳᠤ ᠬᠦᠷᠴᠦ᠂ ᠡᠯ᠎ᠡ ᠰᠤᠷᠭᠠᠭᠤᠯᠢ ᠶᠢᠨ ᠪᠠᠭᠰᠢ ᠰᠣᠷᠣᠭᠴᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠡᠯ᠎ᠡ ᠲᠠᠯ᠎ᠠ ᠶᠢᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠣᠶᠢᠯᠠᠭᠠᠪᠠ᠃
2024-12-3-8(2).jpg
       ᠸᠠᠩ ᠸᠠᠩ ᠱᠧᠩ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ᠶᠠᠪᠤᠳᠠᠯ ᠮᠥᠨ᠃ ᠪᠥᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠪᠥᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠤᠯᠤᠰ ᠲᠥᠷᠥ ᠶᠢᠨ ᠰᠢᠨᠵᠢ ᠴᠢᠨᠠᠷ᠂ ᠠᠷᠠᠳ ᠲᠦᠮᠡᠨᠴᠢ ᠴᠢᠨᠠᠷ ᠪᠠ ᠪᠠᠶᠢᠯᠳᠤᠬᠤ ᠪᠣᠳᠣᠯᠭ᠎ᠠ ᠶᠢᠨ ᠰᠢᠨᠵᠢ ᠴᠢᠨᠠᠷ ᠢ ᠭᠦᠨᠵᠡᠭᠡᠶ ᠲᠠᠨᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠪᠦᠷᠢᠳᠬᠡᠨ ᠳ᠋ᠦᠩᠨᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠲᠠᠢ ᠤᠶᠠᠯᠳᠤᠭᠤᠯᠤᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ᠂ ᠰᠤᠷᠭᠠᠨ ᠬᠥᠮᠦᠵᠢᠯ ᠤᠨ ᠦᠢᠯᠡᠰ ᠤᠨ ᠠᠯᠤᠰ ᠬᠡᠲᠦ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠬᠡᠷᠡᠭᠲᠡᠶ᠃       ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠬᠢᠴᠢᠶᠡᠯ ᠢ ᠰᠠᠶᠢᠲᠤᠷ ᠡᠷᠬᠢᠯᠡᠬᠦ ᠬᠡᠷᠡᠭᠲᠡᠢ︔ ᠰᠤᠷᠭᠠᠭᠤᠯᠢ ᠡᠷᠬᠢᠯᠡᠬᠦ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠢᠴᠢᠶᠡᠯ ᠤᠨ ᠲᠠᠩᠬᠢᠮ ᠤᠨ ᠰᠤᠷᠭᠠᠨ ᠬᠥᠮᠦᠵᠢᠯ ᠪᠣᠯᠤᠨ ᠨᠡᠶᠢᠭᠡᠮ ᠤᠨ ᠦᠢᠯᠡᠳᠦᠯᠭᠡ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠰᠤᠷᠤᠭᠴᠢᠳ ᠤᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠬᠡᠷᠡᠭᠲᠡᠢ︔ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠰᠤᠷᠭᠠᠭᠤᠯᠢ ᠶᠢᠨ ᠡᠳᠦᠷ ᠲᠤᠲᠤᠮ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠡᠶᠢᠭᠡᠮ ᠤᠨ ᠡᠯ᠎ᠡ ᠲᠠᠯ᠎ᠠ ᠶᠢᠨ ᠬᠢᠨ ᠴᠥᠮ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠲᠡᠮᠵᠢᠵᠤ᠂ ᠰᠠᠭᠤᠷᠢ ᠲᠥᠬᠦᠭᠡᠷᠦᠮᠵᠢ ᠵᠡᠷᠭᠡ ᠬᠥᠭᠵᠢᠯᠲᠡ ᠶᠢᠨ ᠪᠡᠷᠬᠡ ᠰᠡᠳᠦᠪ ᠢ ᠲᠦᠷᠭᠡᠪᠴᠢᠯᠡᠨ ᠰᠢᠢᠳᠪᠦᠷᠢᠯᠡᠵᠦ᠂ ᠠᠷᠠᠳ ᠤᠯᠠᠨ ᠤ ᠰᠢᠯᠢᠳᠡᠭ ᠰᠤᠷᠭᠠᠨ ᠬᠥᠮᠦᠵᠢᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ ᠭᠡᠵᠡᠢ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ