11 ᠰᠠᠷ᠎ᠠ ᠶᠢᠨ 16 ᠤ ᠡᠳᠦᠷ᠂ ᠬᠦᠯᠦᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ | ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠣᠯᠠᠨ ᠲᠦᠮᠡᠨᠴᠢ ᠮᠦᠰᠦ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠤᠨ ᠪᠡᠯᠡᠳᠬᠡᠯ ᠠᠵᠢᠯ ᠢ | ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ ᠱᠠᠭᠠᠷᠳᠠᠨ ᠵᠢᠯᠣᠭᠤᠳᠬᠤ ᠶᠢᠨ ᠬᠠᠮᠲᠤ ᠲᠤᠬᠠᠢ ᠶᠢᠨ | ᠲᠠᠯᠠᠪᠠᠢ ᠳᠤ ᠠᠯᠪᠠᠯᠠᠵᠤ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠬᠤᠲᠠ ᠶᠢᠨ ᠤᠳᠤᠷᠢᠳᠤᠯᠭ᠎ᠠ ᠰᠦᠨ ᠸᠧᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | | | ᠬᠥᠯᠥᠨ ᠪᠤᠶᠢᠷ ᠤᠨ ᠨᠢᠰᠬᠡᠯ ᠤᠨ ᠪᠠᠭᠤᠳᠠᠯ᠂ ᠲᠢᠶᠠᠨ ᠵᠢᠶᠤᠤ ᠵᠣᠴᠢᠳ ᠤᠨ ᠪᠠᠭᠤᠳᠠᠯ᠂ ᠪᠠᠶ ᠹᠦ᠋ ᠶᠤᠸᠠᠢ ᠵᠣᠴᠢᠳ ᠤᠨ ᠪᠠᠭᠤᠳᠠᠯ ᠳᠤ ᠦᠢᠯᠡᠴᠢᠯᠡᠭᠡ | ᠪᠠᠲᠤᠯᠠᠭ᠎ᠠ᠂ ᠠᠭᠤᠷ ᠠᠮᠢᠰᠬᠤᠯ ᠢ ᠪᠣᠶ ᠪᠣᠯᠭᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠪᠠᠶᠢᠳᠠᠯ ᠢ ᠪᠠᠶᠢᠴᠠᠭᠠᠭᠰᠠᠨ ᠤ ᠳᠠᠷᠠᠭ᠎ᠠ᠂ ᠵᠢᠢ ᠶᠦᠩ | ᠴᠢᠶᠠᠨ᠂ ᠵᠤᠴᠢᠳ ᠤᠨ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠬᠤᠨᠤᠭ ᠪᠠᠭᠤᠳᠠᠯ᠂ ᠢᠳᠡᠭᠡᠨ ᠤᠮᠳᠠᠭᠠᠨ᠂ ᠵᠠᠮ ᠬᠠᠷᠢᠯᠴᠠᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠵᠥᠭᠡᠯᠡᠨ ᠬᠠᠲᠠᠭᠤ ᠲᠤᠨᠤᠭ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠬᠥᠯᠥᠨ ᠪᠤᠶᠢᠷ ᠤᠨ ᠭᠠᠵᠠᠷ ᠣᠷᠣᠨ ᠪᠠ ᠣᠯᠠᠨ ᠲᠦᠮᠡᠨ ᠤ ᠮᠥᠰᠥ | ᠴᠠᠰᠤᠨ ᠤ ᠤᠯᠠᠷᠢᠯ ᠤᠨ ᠡᠯᠧᠮᠧᠨ᠋ᠲ ᠲᠤ ᠠᠭᠤᠰᠤᠯᠴᠠᠵᠤ᠂ ᠭᠤᠤᠯ ᠰᠡᠳᠦᠪ ᠢᠶᠠᠷ ᠨᠡᠪᠲᠡᠷᠡᠭᠦᠯᠦᠭᠰᠡᠨ᠂ ᠲᠣᠰ ᠲᠣᠰ ᠤᠨ ᠣᠨᠴᠠᠯᠢᠭ ᠲᠠᠢ ᠠᠭᠤᠷ ᠠᠮᠢᠰᠬᠤᠯ ᠢ | ᠬᠦᠴᠦᠯᠡᠨ ᠪᠣᠶ ᠪᠣᠯᠭᠠᠵᠤ᠂ ᠡᠯ᠎ᠡ ᠲᠠᠯ᠎ᠠ ᠶᠢᠨ ᠵᠣᠴᠢᠳ ᠲᠤ ᠰᠠᠶᠢᠨ ᠰᠠᠶᠢᠬᠠᠨ ︽ᠬᠥᠯᠥᠨ ᠪᠤᠶᠢᠷ ᠤᠨ ᠰᠠᠭᠤᠭᠳᠠᠯ︾ ᠦᠯᠡᠳᠡᠭᠡᠵᠦ ᠥᠭᠬᠦ ᠬᠡᠷᠡᠭᠲᠡᠶ᠃ ᠠᠮᠤᠷ | ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠭᠠᠷᠴᠤ ᠮᠡᠳᠡᠬᠦ ᠨᠢᠭᠲᠠᠴᠠ ᠶᠡᠭᠡ ᠲᠠᠢ ᠶᠡᠭᠡ ᠤᠷᠤᠰᠬᠠᠯ ᠤᠨ ᠠᠶᠠᠨᠴᠢᠳ ᠤᠨ ᠰᠦᠷᠦᠭ ᠲᠤ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠲᠠᠬᠢᠨ ᠳᠠᠪᠲᠠᠨ ᠰᠣᠷᠢᠯᠲᠠ ᠬᠢᠵᠦ᠂ ᠦᠢᠯᠡᠴᠢᠯᠡᠭᠡ ᠶᠢ ᠨᠡᠩ ᠨᠠᠷᠢᠯᠢᠭ᠂ ᠪᠠᠷᠢᠮᠵᠢᠶ᠎ᠠ ᠶᠢ ᠨᠡᠩ ᠴᠢᠩᠭ᠎ᠠ᠂ | ᠪᠠᠲᠤᠯᠠᠭ᠎ᠠ ᠶᠢ ᠨᠡᠩ ᠪᠣᠳᠠᠲᠠᠢ ᠪᠣᠯᠭᠠᠬᠤ ᠬᠡᠷᠡᠭᠲᠡᠢ ᠭᠡᠪᠡ᠃ | | | | ᠭᠤᠤᠯ ᠤᠨ ᠪᠠᠷᠠᠭᠤᠨᠳᠡᠬᠢ ᠪᠡᠶ᠎ᠡ ᠶᠢᠨ ᠲᠠᠮᠢᠷ ᠤᠨ ᠴᠡᠴᠡᠷᠯᠢᠭ ᠲᠤ᠂ ᠵᠢᠢ ᠶᠦᠩ ᠴᠢᠶᠠᠨ ᠡᠬᠢᠯᠡᠯᠲᠡ ᠶᠢᠨ ᠶᠣᠰᠣᠯᠠᠯ ᠤᠨ ᠪᠡᠯᠡᠳᠬᠡᠯ᠂ ᠬᠡᠭᠡᠷᠡᠯᠡᠨ ᠭᠤᠯᠭᠤᠬᠤ | ᠤᠷᠤᠯᠳᠤᠭᠠᠨ ᠤ ᠵᠠᠮ ᠪᠣᠯᠤᠨ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠦᠵᠡᠵᠦ᠂ ᠲᠤᠰ ᠤᠳᠠᠭᠠᠨ ᠤ ᠡᠬᠢᠯᠡᠯᠲᠡ ᠶᠢᠨ ᠶᠣᠰᠣᠯᠠᠯ ᠢ ᠳᠠᠭᠠᠭᠠᠴᠢᠯᠠᠨ ᠡᠷᠬᠢᠯᠡᠬᠦ ᠪᠣᠯ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ | ᠬᠤᠳᠠᠯᠳᠤᠭᠠᠴᠢᠨ ᠤ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠵᠠᠮ ᠪᠣᠯᠤᠨ᠎ᠠ᠂ ᠬᠤᠯᠪᠣᠭᠳᠠᠯ ᠪᠦᠬᠦᠢ ᠭᠠᠵᠠᠷ ᠣᠷᠣᠨ ᠪᠣᠯᠤᠨ | ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠲᠠ ᠬᠠᠮᠵᠢᠯᠴᠠᠵᠤ᠂ ᠴᠠᠭ ᠬᠤᠭᠤᠴᠠᠭ᠎ᠠ ᠶᠢ ᠡᠵᠡᠮᠳᠡᠵᠦ᠂ ᠨᠠᠷᠢᠨ ᠵᠦᠢᠯᠡᠰ ᠢ ᠴᠢᠩᠭ᠎ᠠ | ᠠᠩᠬᠠᠷᠴᠤ᠂ ᠨᠢᠭᠲᠠ ᠠᠴᠠ ᠨᠢᠭᠲᠠ ᠠᠬᠢᠭᠤᠯᠵᠤ᠂ ᠡᠬᠢᠯᠡᠯᠲᠡ ᠶᠢᠨ ᠶᠣᠰᠣᠯᠠᠯ ᠢ ᠡᠬᠢᠯᠡᠨ ᠡᠷᠬᠢᠯᠡᠬᠦ ᠬᠡᠷᠡᠭᠲᠡᠢ᠃ ᠦᠷᠭᠦᠯᠵᠢᠯᠡᠬᠦ ᠬᠥᠭᠵᠢᠯᠲᠡ ᠪᠠ ᠠᠭᠤᠰᠤᠯᠴᠠᠨ | ᠤᠯᠠᠷᠢᠭᠤᠯᠬᠤ ᠶᠢ ᠴᠢᠬᠤᠯᠠᠴᠢᠯᠠᠵᠤ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠣᠯᠠᠨ ᠲᠦᠮᠡᠨ ᠤ ᠮᠥᠰᠥ ᠴᠠᠰᠤᠨ ᠤ | ᠲᠠᠮᠢᠷ ᠤᠨ ᠬᠥᠳᠡᠯᠭᠡᠭᠡᠨ ᠤ ᠬᠡᠷᠡᠭᠴᠡᠭᠡ ᠶᠢ ᠴᠢᠷᠮᠠᠶᠢᠨ ᠬᠠᠩᠭᠠᠵᠤ᠂ ᠡᠵᠡᠩᠨᠡᠯᠲᠡ ᠶᠢᠨ ᠬᠡᠯᠪᠡᠷᠢ ᠶᠢᠨ ᠦᠢᠯᠡᠳᠬᠦᠨ ᠢ ᠶᠡᠭᠡ ᠪᠠᠷ ᠪᠠᠶᠠᠯᠢᠭᠵᠢᠭᠤᠯᠤᠨ᠂ ᠤᠬᠠᠭᠤᠯᠤᠨ | ᠳᠡᠯᠭᠡᠷᠡᠭᠦᠯᠬᠦ ᠶᠢ ᠦᠷᠭᠦᠯᠵᠢᠯᠡᠨ ᠴᠢᠩᠭᠠᠳᠬᠠᠵᠤ᠂ ᠣᠯᠠᠨ ᠲᠠᠰ ᠳᠠᠪᠬᠤᠷᠭ᠎ᠠ᠂ ᠣᠯᠠᠨ ᠴᠡᠭ ᠲᠤ ᠬᠥᠮᠦᠰ ᠤᠨ ᠬᠦᠷᠢᠶᠡᠯᠡᠯ ᠢ ᠲᠥᠪᠯᠡᠷᠡᠭᠦᠯᠵᠦ᠂ ᠬᠡᠷᠡᠭᠯᠡᠭᠡ ᠶᠢ | ᠠᠬᠢᠭᠤᠯᠤᠨ᠂ ᠮᠥᠰᠥ ᠴᠠᠰᠤᠨ ᠤ ᠵᠢᠭᠤᠯᠴᠢᠯᠠᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ ᠭᠡᠵᠦ ᠴᠢᠬᠤᠯᠠᠴᠢᠯᠠᠪᠠ᠃ | ᠵᠢᠢ ᠶᠦᠩ ᠴᠢᠶᠠᠨ ᠬᠥᠯᠥᠨ ᠪᠤᠶᠢᠷ ᠤᠨ ᠪᠡᠶ᠎ᠡ ᠶᠢᠨ ᠲᠠᠮᠢᠷ ᠤᠨ ᠣᠷᠳᠣᠨ ᠳᠤ ᠬᠦᠷᠴᠦ᠂ ᠮᠥᠰᠥ ᠴᠠᠰᠤᠨ ᠤ ᠲᠣᠨᠤᠭ ᠲᠥᠬᠦᠭᠡᠷᠦᠮᠵᠢ ᠶᠢᠨ | ᠦᠵᠡᠰᠬᠦᠯᠡᠩ ᠤᠨ ᠪᠡᠯᠡᠳᠬᠡᠯ ᠠᠵᠢᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠴᠤᠭᠯᠠᠭᠠᠨ ᠢᠶᠠᠷ ᠬᠤᠳᠠᠯᠳᠤᠭ᠎ᠠ ᠡᠷᠭᠢᠯᠡᠬᠦ᠂ ᠳᠡᠯᠭᠡᠨ | ᠦᠵᠡᠭᠦᠯᠬᠦ ᠪᠠᠷ ᠪᠣᠷᠣᠯᠠᠭᠤᠯᠭ᠎ᠠ ᠶᠢ ᠠᠬᠢᠭᠤᠯᠬᠤ ᠶᠢ ᠪᠠᠷᠢᠮᠲᠠᠯᠠᠨ᠂ ᠬᠦᠢᠲᠡᠨ ᠭᠠᠵᠠᠷ ᠤᠨ ᠮᠥᠰᠥ ᠴᠠᠰᠤᠨ ᠤ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠠᠵᠤ | ᠦᠢᠯᠡᠰ ᠤᠨ ᠪᠦᠯᠦᠭᠯᠡᠯ ᠤᠨ ᠳᠠᠪᠠᠭᠤᠯᠢᠭ ᠢᠶᠠᠨ ᠪᠠᠳᠠᠷᠠᠭᠤᠯᠤᠨ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠠᠴᠠ ᠬᠦᠴᠦᠯᠡᠵᠦ᠂ ᠴᠢᠨᠠᠷ ᠰᠠᠶᠢᠲᠠᠶ ᠮᠥᠰᠥ ᠴᠠᠰᠤᠨ ᠤ | ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠳᠠᠯᠳᠠ ᠵᠣᠴᠢᠨ ᠡᠷᠦᠬᠡ ᠶᠢ ᠳᠠᠶᠢᠴᠢᠯᠠᠨ᠂ ᠮᠥᠰᠥ ᠴᠠᠰᠤᠨ ᠤ ᠪᠡᠶ᠎ᠡ ᠶᠢᠨ ᠲᠠᠮᠢᠷ᠂ ᠮᠥᠰᠥ ᠴᠠᠰᠤᠨ ᠤ ᠰᠣᠶᠣᠯ᠂ | ᠮᠥᠰᠥ ᠴᠠᠰᠤᠨ ᠤ ᠲᠣᠨᠤᠭ ᠲᠥᠬᠦᠭᠡᠷᠦᠮᠵᠢ᠂ ᠮᠥᠰᠥ ᠴᠠᠰᠤᠨ ᠤ ᠵᠢᠭᠤᠯᠴᠢᠯᠠᠯ᠂ ᠮᠥᠰᠥ ᠴᠠᠰᠤᠨ ᠤ ᠬᠡᠷᠡᠭᠯᠡᠭᠡᠨ ᠤ ᠪᠥᠬᠦ ᠠᠵᠤ ᠦᠢᠯᠡᠰ ᠤᠨ ᠬᠡᠯᠬᠢᠶ᠎ᠡ ᠶᠢᠨ | ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠬᠦᠢᠲᠡᠨ ᠭᠠᠵᠠᠷ ᠤᠨ ᠮᠥᠰᠥ ᠴᠠᠰᠤᠨ ᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠣᠶ | ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ |