11 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠲᠤᠰᠬᠠᠶ ᠰᠡᠳᠦᠪᠲᠦ ᠬᠤᠷᠠᠯ ᠢ ᠡᠷᠭᠢᠯᠡᠨ | ᠬᠤᠷᠠᠯᠳᠤᠭᠤᠯᠵᠤ᠂ ᠪᠥᠬᠦ ᠬᠤᠲᠠ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ︽ᠨᠢᠭᠡ ᠵᠢᠷᠤᠭ︾ ︽ᠨᠢᠭᠡ ᠰᠦᠯᠵᠢᠶ᠎ᠡ︾ ᠶᠢᠨ ᠪᠥᠲᠥᠭᠡᠨ | ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ | | | | ᠸᠠᠩ ᠸᠠᠩ ᠱᠧᠩ᠂ ᠬᠥᠯᠥᠨ ᠪᠤᠶᠢᠷ ᠤᠨ ᠪᠠᠶᠢᠭᠠᠯᠢ ᠶᠢᠨ ᠡᠬᠢ ᠪᠠᠶᠠᠯᠢᠭ ᠡᠯᠪᠡᠭ ᠳᠡᠯᠪᠡᠭ᠂ ᠨᠡᠩ ᠴᠤ ᠰᠠᠶᠢᠲᠤᠷ ᠬᠠᠮᠠᠭᠠᠯᠠᠬᠤ ᠪᠠ ᠠᠷᠪᠢᠯᠠᠨ ᠠᠰᠢᠭᠯᠠᠬᠤ | ᠬᠡᠷᠡᠭᠲᠡᠢ᠃ ︽ᠠᠮᠢ ᠠᠬᠤᠶ ᠶᠢᠨ ᠥᠪ ᠬᠥᠷᠥᠩᠭᠡ︾ ᠶᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠨᠠᠶᠢᠳᠠᠪᠤᠷᠢᠵᠢᠭᠤᠯᠤᠯᠲᠠ ᠶᠢᠨ ᠴᠡᠭ ᠳᠡᠭᠡᠷᠡᠬᠢ ᠸᠧᠺᠲ᠋ᠣᠷ | ᠵᠢᠷᠤᠭ᠂ ᠬᠢᠨᠠᠨ ᠡᠵᠡᠮᠳᠡᠬᠦ ᠲᠤᠤᠷ ᠢ ᠪᠦᠷᠢᠯᠳᠦᠭᠦᠯᠬᠦ ᠪᠣᠯ ᠠᠯᠤᠰ ᠬᠡᠲᠦ ᠳᠤ ᠠᠰᠢᠭᠲᠠᠶ ᠰᠠᠭᠤᠷᠢᠯᠠᠬᠤ ᠠᠵᠢᠯ ᠮᠥᠨ᠃ ᠠᠵᠢᠯ ᠤᠨ ᠲᠥᠰᠦᠯ ᠢᠶᠠᠨ ᠤᠯᠠᠮ | ᠴᠢᠨᠠᠭᠰᠢᠳᠠ ᠲᠡᠭᠦᠯᠳᠡᠷᠵᠢᠭᠦᠯᠵᠦ᠂ ᠡᠯ᠎ᠡ ᠰᠠᠯᠠᠭ᠎ᠠ ᠮᠥᠴᠢᠷ᠂ ᠡᠯ᠎ᠡ ᠬᠤᠰᠢᠭᠤ ᠬᠤᠲᠠ ᠲᠣᠭᠤᠷᠢᠭ᠂ ᠣᠶ ᠰᠢᠭᠤᠶ ᠶᠢᠨ ᠵᠢᠷᠭᠤᠳᠤᠭᠠᠷ ᠲᠣᠪᠴᠢᠶ᠎ᠠ ᠶᠢᠨ ᠰᠠᠨᠠᠯ | ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠥᠪᠡᠷᠲᠡᠭᠡᠨ ᠵᠠᠰᠠᠬᠤ ᠣᠷᠣᠨ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠶᠡᠷᠦᠩᠬᠡᠶᠢᠯᠡᠭᠰᠡᠨ | ᠵᠢᠯᠣᠭᠤᠳᠬᠤ ᠲᠠᠪᠴᠠᠩ ᠤᠨ ᠲᠥᠷᠥᠯ ᠵᠦᠢᠯ ᠢ ᠲᠦᠷᠭᠡᠳᠬᠡᠨ ᠲᠥᠯᠥᠪᠵᠢᠭᠦᠯᠦᠨ ᠬᠡᠷᠡᠭᠵᠢᠭᠦᠯᠵᠦ᠂ ᠲᠠᠪᠴᠠᠩ ᠢ ᠬᠡᠷᠬᠢᠨ ᠪᠠᠶᠢᠭᠤᠯᠬᠤ ᠵᠢᠴᠢ ᠪᠠᠶᠢᠭᠤᠯᠤᠭᠰᠠᠨ ᠤ | ᠳᠠᠷᠠᠭ᠎ᠠ ᠬᠡᠨ ᠬᠠᠮᠢᠶᠠᠷᠬᠤ᠂ ᠬᠡᠨ ᠬᠡᠷᠡᠭᠯᠡᠬᠦ᠂ ᠬᠡᠷᠬᠢᠨ ᠬᠠᠮᠠᠭᠠᠯᠠᠬᠤ ᠶᠢ ᠲᠣᠳᠣᠷᠬᠠᠶ ᠪᠣᠳᠣᠯᠬᠢᠯᠠᠵᠤ᠂ ᠡᠯ᠎ᠡ ᠲᠠᠯ᠎ᠠ ᠶᠢᠨ ᠬᠦᠴᠦᠨ ᠵᠦᠢᠯ ᠢ ᠠᠯᠢ ᠴᠢᠳᠠᠬᠤ ᠪᠠᠷ | ᠪᠦᠷᠢᠨ ᠭᠦᠢᠴᠡᠳ ᠪᠣᠳᠣᠯᠬᠢᠯᠠᠬᠤ ᠬᠡᠷᠡᠭᠲᠡᠶ᠃ | ᠲᠠᠷᠠᠬᠠᠶ ᠪᠤᠲᠠᠷᠬᠠᠶ ᠪᠠᠶᠢᠭ᠎ᠠ ᠲᠤᠭ᠎ᠠ ᠪᠠᠷᠢᠮᠲᠠ ᠶᠢᠨ ᠰᠠᠭᠤᠷᠢ ᠲᠤᠭ᠎ᠠ ᠪᠠᠷᠢᠮᠲᠠ ᠪᠣᠯᠤᠨ ᠬᠢᠨᠠᠨ ᠡᠵᠡᠮᠳᠡᠬᠦ ᠲᠠᠪᠴᠠᠩ ᠢ ᠨᠡᠶᠢᠳᠬᠡᠨ ᠬᠤᠯᠪᠣᠵᠤ᠂ ᠡᠯ᠎ᠡ | ᠲᠥᠷᠥᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠭᠦᠢᠴᠡᠳ ᠬᠠᠮᠲᠤ ᠪᠠᠷ ᠡᠳ᠋ᠯᠡᠬᠦ ᠪᠠ ᠥᠨᠳᠥᠷ ᠪᠦᠲᠦᠮᠵᠢᠲᠡᠶ ᠠᠰᠢᠭᠯᠠᠬᠤ ᠶᠢ ᠪᠡᠶᠡᠯᠡᠭᠦᠯᠵᠦ᠂ ᠲᠤᠭ᠎ᠠ | ᠪᠠᠷᠢᠮᠲᠠ ᠶᠢᠨ ᠪᠠᠬᠢᠯᠡᠯᠲᠡ ᠶᠢ ᠡᠪᠳᠡᠵᠦ᠂ ᠣᠷᠣᠨ ᠪᠦᠰᠡ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ | ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠬᠤ ᠲᠣᠭᠲᠠᠴᠠ ᠶᠢ ᠪᠦᠷᠢᠯᠳᠦᠭᠦᠯᠵᠦ᠂ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠤᠨ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠸᠠᠩ ᠸᠠᠩ ᠱᠧᠩ᠂ ᠪᠦᠬᠦ | ᠬᠤᠳᠠ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ︽ᠨᠢᠭᠡ ᠵᠢᠷᠤᠭ︾᠂ ︽ᠨᠢᠭᠡ ᠰᠦᠯᠵᠢᠶ᠎ᠡ︾ ᠶᠢ ᠪᠠᠶᠢᠭᠤᠯᠬᠤ ᠨᠢ ᠲᠠᠩ ᠭᠠᠭᠴᠠ ᠰᠠᠯᠠᠭ᠎ᠠ | ᠮᠥᠴᠢᠷ ᠤᠨ ᠠᠵᠢᠯ ᠪᠢᠰᠢ ᠶᠤᠮ᠂ ᠪᠦᠬᠦ ᠬᠤᠳᠠ ᠶᠢᠨ ᠡᠬᠢ ᠪᠠᠶᠠᠯᠢᠭ ᠤᠨ ᠬᠦᠴᠦᠨ ᠢ ᠲᠠᠶᠢᠴᠢᠯᠠᠵᠤ᠂ ᠤᠯᠠᠨ ᠳᠤ ᠡᠨᠡ ᠬᠦ ᠠᠵᠢᠯ ᠤᠨ ᠴᠢᠬᠤᠯᠠ ᠴᠢᠨᠠᠷ ᠢ | ᠲᠠᠨᠢᠭᠤᠯᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ ᠬᠠᠮᠵᠢᠯᠴᠠᠭᠤᠯᠬᠤ ᠬᠡᠷᠡᠭᠲᠡᠢ᠃ | ᠠᠳᠠᠯᠢᠬᠠᠨ ᠶᠠᠪᠤᠳᠠᠯ ᠢ ᠤᠯᠠᠨ ᠲᠠᠯ᠎ᠠ ᠠᠴᠠ ᠳᠠᠬᠢᠨ ᠳᠠᠪᠲᠠᠨ ᠬᠢᠵᠦ ᠪᠣᠯᠬᠤ ᠦᠭᠡᠢ᠂ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠠᠷᠪᠢᠯᠠᠵᠤ᠂ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠪᠡ᠃ ᠸᠠᠩ ᠸᠠᠩ ᠱᠧᠩ ᠱᠧᠩ ᠪᠠᠰᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠦᠷᠢᠶᠡᠨ ᠳᠠᠬᠢ ᠰᠠᠶᠢᠲᠤᠷ ᠠᠳᠬᠤᠬᠤ ᠴᠢᠬᠤᠯᠠᠲᠠᠶ ᠠᠵᠢᠯ ᠡᠭᠦᠷᠭᠡ ᠳᠤ ᠴᠢᠭᠯᠡᠭᠦᠯᠦᠨ ᠪᠣᠳᠠᠲᠠᠶ ᠱᠠᠭᠠᠷᠳᠠᠯᠭ᠎ᠠ ᠳᠤᠷᠠᠳᠴᠠᠶ᠃ ᠲᠡᠷᠡ᠂ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠡᠭᠦᠷᠭᠡ ᠴᠢᠳᠠᠪᠬᠢ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠥᠯᠥᠨ ᠨᠠᠭᠤᠷ ᠤᠨ | ᠬᠠᠮᠠᠭᠠᠯᠠᠯᠲᠠ᠂ ᠬᠢᠨᠠᠯᠲᠠ ᠬᠠᠮᠢᠶᠠᠷᠤᠯᠲᠠ᠂ ᠠᠰᠢᠭᠯᠠᠯᠲᠠ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠬᠠᠤᠯᠢ ᠬᠡᠷᠡᠭᠵᠢᠭᠦᠯᠬᠦ ᠰᠢᠰᠲ᠋ᠧᠮ ᠢ ᠳᠠᠬᠢᠨ | ᠴᠣᠭᠴᠠᠯᠠᠬᠤ ᠶᠢ ᠰᠠᠶᠢᠲᠤᠷ ᠠᠳᠬᠤᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠵᠦᠢᠯ ᠪᠣᠯᠤᠨ ᠲᠥᠯᠥᠪᠵᠢᠭᠦᠯᠭᠡ ᠶᠢᠨ ᠡᠮᠦᠨᠡᠬᠢ | ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠪᠣᠯᠤᠨ ᠣᠶ ᠮᠣᠳᠣ ᠡᠪᠡᠰᠦ ᠪᠡᠯᠴᠢᠭᠡᠷ ᠤᠨ | ᠳᠠᠷᠤᠭ᠎ᠠ ᠶᠢᠨ ᠲᠦᠷᠢᠮ ᠢ ᠣᠨᠣᠴᠠᠲᠠᠶ ᠨᠠᠶᠢᠳᠠᠪᠤᠷᠢᠵᠢᠭᠤᠯᠵᠤ᠂ ᠦᠵᠡᠰᠬᠦᠯᠡᠩᠲᠦ ᠰᠠᠶᠢᠬᠠᠨ ᠬᠥᠯᠥᠨ ᠪᠤᠶᠢᠷ ᠤᠨ ᠪᠥᠲᠥᠭᠡᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ |