ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠠᠵᠢᠯᠯᠠᠭ᠎ᠠ ᠶᠢ ᠵᠣᠯᠭᠠᠭᠤᠯᠬᠤ ᠠᠵᠢᠯ ᠤᠨ ᠬᠤᠷᠠᠯ ᠬᠥᠯᠥᠨ ᠪᠤᠶᠢᠷ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2024/12/3
       11 ᠰᠠᠷ᠎ᠠ ᠶᠢᠨ 7 ᠤ ᠡᠳᠦᠷ᠂ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠬᠢᠭᠡᠳ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠢ ᠬᠥᠯᠥᠨ ᠪᠤᠶᠢᠷ ᠬᠤᠲᠠ ᠳᠤ ᠡᠷᠬᠢᠯᠡᠬᠦ ᠵᠢᠴᠢ ᠰᠢᠷᠢᠰ ᠠᠵᠢᠯᠯᠠᠭ᠎ᠠ ᠶᠢ ᠲᠥᠯᠥᠪᠵᠢᠭᠦᠯᠦᠨ ᠠᠬᠢᠭᠤᠯᠬᠤ ᠵᠡᠷᠭᠡ ᠶᠠᠪᠤᠳᠠᠯ ᠢ ᠵᠣᠯᠭᠠᠭᠤᠯᠬᠤ ᠠᠵᠢᠯ ᠤᠨ ᠬᠤᠷᠠᠯ ᠬᠤᠷᠠᠯᠳᠤᠭᠤᠯᠵᠤ᠂ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ᠂ ᠬᠤᠲᠠ ᠶᠢᠨ ᠴᠠᠰᠤᠨ ᠳᠤ ᠭᠤᠯᠭᠤᠬᠤ ᠵᠠᠮ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ᠂ ᠮᠥᠰᠥ ᠴᠠᠰᠤᠨ ᠤ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠬᠦ ᠵᠡᠷᠭᠡ ᠵᠢᠭᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠯᠢ ᡁᠢ ᠶᠢᠦ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ᠂ ᠬᠤᠲᠠ ᠶᠢᠨ ᠤᠳᠤᠷᠢᠳᠤᠯᠭ᠎ᠠ ᠰᠦᠨ ᠸᠧᠢ ᠬᠤᠷᠠᠯ ᠳᠤ ᠣᠷᠣᠯᠴᠠᠪᠠ᠃
2024-12-3-12.jpg
       ᠵᠢᠢ ᠶᠦᠩ ᠴᠢᠶᠠᠨ᠂ ᠬᠥᠯᠥᠨ ᠪᠤᠶᠢᠷ ᠬᠤᠳᠠ ᠮᠥᠰᠥ ᠴᠠᠰᠤᠨ ᠤ ᠠᠵᠤ ᠦᠢᠯᠡᠰ᠂ ᠮᠥᠰᠥ ᠴᠠᠰᠤᠨ ᠤ ᠪᠡᠶ᠎ᠡ ᠶᠢᠨ ᠲᠠᠮᠢᠷ᠂ ᠮᠥᠰᠥ ᠴᠠᠰᠤᠨ ᠤ ᠵᠢᠭᠤᠯᠴᠢᠯᠠᠯ᠂ ᠮᠥᠰᠥ ᠴᠠᠰᠤᠨ ᠤ ᠰᠣᠶᠣᠯ ᠤᠨ ᠠᠭᠤᠰᠤᠯᠴᠠᠨ ᠬᠥᠭᠵᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰ ᠬᠤᠭᠤᠴᠠᠭᠠᠨ ᠤ ᠪᠦᠬᠦ ᠤᠯᠤᠰ ᠤᠨ ᠤᠯᠠᠨ ᠲᠦᠮᠡᠨᠴᠢ ᠮᠥᠰᠥ ᠴᠠᠰᠤᠨ ᠤ ᠤᠯᠠᠷᠢᠯ ᠳᠤ ᠮᠠᠨ ᠤ ᠬᠤᠳᠠ ᠶᠢᠨ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠢ ᠠᠮᠵᠢᠯᠲᠠ ᠲᠠᠢ ᠡᠷᠬᠢᠯᠡᠭᠰᠡᠡ ᠠᠴᠠ ᠨᠠᠭᠠᠰᠢᠬᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠠᠮᠵᠢᠯᠲᠠ ᠲᠠᠢ ᠡᠷᠬᠢᠯᠡᠬᠦ ᠪᠠᠶᠢᠳᠠᠯ ᠢ ᠪᠦᠬᠦ ᠲᠠᠯ᠎ᠠ ᠪᠠᠷ ᠳᠡᠯᠭᠡᠨ ᠦᠵᠡᠭᠦᠯᠬᠦ᠂ ︽3 ᠳ᠋ᠦᠩᠰᠢᠭᠤᠷ ᠬᠥᠮᠦᠨ ᠢ ᠲᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠯᠠᠨ ᠲᠦᠮᠡᠨᠴᠢ ᠴᠢᠨᠠᠷᠲᠠᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠦᠷᠭᠦᠯᠵᠢᠯᠡᠨ ᠥᠷᠨᠢᠩᠭᠦᠢ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠣᠳᠣᠬᠠᠨ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠨᠠᠷᠢᠨ ᠨᠢᠮᠪᠠᠶ ᠵᠢᠯᠣᠭᠤᠳᠣᠯᠭ᠎ᠠ ᠳᠣᠤᠷ᠎ᠠ᠂ ᠪᠡᠯᠡᠳᠬᠡᠯ ᠠᠵᠢᠯ ᠶᠠᠭ ᠪᠠᠴᠢᠮ ᠪᠥᠭᠡᠳ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃       ᠳᠠᠷᠠᠭᠠᠴᠢ ᠶᠢᠨ ᠠᠯᠬᠤᠮ ᠳᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠤᠷᠤᠯᠳᠤᠭᠠᠨ ᠤ ᠲᠠᠯᠠᠪᠤᠷ ᠤᠨ ᠪᠦᠳᠦᠭᠡᠨ ᠪᠠᠶᠢᠭᠤᠯᠤᠯᠲᠠ᠂ ᠡᠬᠢᠯᠡᠯᠲᠡ ᠶᠢᠨ ᠶᠣᠰᠣᠯᠠᠯ ᠢ ᠲᠥᠯᠥᠪᠵᠢᠭᠦᠯᠬᠦ᠂ ᠮᠥᠰᠥ ᠴᠠᠰᠤᠨ ᠤ ᠮᠡᠳᠡᠯᠭᠡ ᠶᠢ ᠳᠡᠯᠭᠡᠷᠡᠭᠦᠯᠬᠦ᠂ ᠠᠮᠤᠷ ᠲᠦᠪᠰᠢᠨ ᠤ ᠦᠢᠯᠡᠴᠢᠯᠡᠭᠡᠨ ᠤ ᠪᠠᠲᠤᠯᠠᠭ᠎ᠠ᠂ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠬᠤ ᠵᠡᠷᠭᠡ ᠠᠵᠢᠯ ᠢ ᠲᠦᠷᠭᠡᠳᠬᠡᠵᠦ᠂ ᠪᠦᠬᠦ ᠬᠥᠮᠦᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠬᠡᠷᠡᠭᠲᠡᠢ ᠭᠡᠵᠡᠢ᠃ ᠯᠢ ᡁᠢ ᠶᠢᠦ ᠢᠯᠡᠷᠬᠡᠶᠢᠯᠡᠬᠦ ᠳᠡᠭᠡᠨ᠂ ᠪᠥᠬᠦ ᠤᠯᠤᠰ ᠤᠨ ᠣᠯᠠᠨ ᠲᠦᠮᠡᠨᠴᠢ ᠤᠯᠠᠷᠢᠯ ᠪᠣᠯ ᠮᠥᠰᠥ ᠴᠠᠰᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠠᠰᠢᠭᠲᠠᠶ ᠠᠵᠠ ᠲᠣᠬᠢᠶᠠᠯ ᠮᠥᠨ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠪᠥᠬᠦ ᠬᠦᠴᠦᠨ ᠢᠶᠠᠷ ᠢᠶᠠᠨ ᠳᠡᠮᠵᠢᠨ ᠠᠬᠢᠭᠤᠯᠤᠨ᠎ᠠ᠃       ᠡᠨᠡ ᠤᠳᠠᠭᠠᠨ ᠤ ᠬᠢᠯᠪᠠᠷ ᠪᠤᠰᠤ ᠪᠠᠷ ᠢᠷᠡᠭᠰᠡᠨ ᠠᠵᠠ ᠲᠣᠬᠢᠶᠠᠯ ᠢ ᠨᠠᠨᠳᠢᠩᠨᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠡᠷᠭᠢᠯᠡᠭᠰᠡᠨ ᠠᠮᠵᠢᠯᠲᠠ ᠲᠠᠢ ᠲᠤᠷᠰᠢᠯᠭ᠎ᠠ ᠶᠢ ᠭᠦᠢᠴᠡᠳ ᠠᠰᠢᠭᠯᠠᠨ᠂ ᠢᠲᠡᠭᠡᠯ ᠵᠣᠷᠢᠭ ᠢᠶᠠᠨ ᠪᠠᠲᠤᠳᠬᠠᠵᠤ᠂ ᠨᠢᠭᠡᠳᠦᠯᠲᠡᠶ ᠲᠥᠯᠥᠪᠯᠡᠨ ᠰᠦᠪᠡᠭᠴᠢᠯᠡᠵᠦ᠂ ᠨᠢᠭᠲᠠ ᠠᠴᠠ ᠨᠢᠭᠲᠠ ᠪᠠᠶᠢᠵᠤ᠂ ᠪᠥᠬᠦ ᠤᠯᠤᠰ ᠤᠨ ᠠᠷᠠᠳ ᠲᠦᠮᠡᠨ ᠳᠤ ᠨᠢᠭᠡ ᠬᠤᠭᠤᠴᠠᠭᠠᠨ ᠤ ᠭᠤᠶᠢᠳᠠ ᠰᠠᠶᠢᠬᠠᠨ ᠮᠥᠰᠥ ᠴᠠᠰᠤᠨ ᠤ ᠦᠪᠡᠳᠡᠭᠰᠢ ᠴᠤᠭᠯᠠᠭᠠᠨ ᠢ ᠢᠯᠡᠷᠡᠭᠦᠯᠬᠦ ᠬᠡᠷᠡᠭᠲᠡᠶ ᠭᠡᠵᠦ ᠢᠯᠡᠷᠬᠡᠶᠢᠯᠡᠪᠡ᠃       ᠣᠶᠢᠯᠠᠭᠠᠭᠰᠠᠨ ᠢᠶᠠᠷ᠂ ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠳᠤ 2014 ᠣᠨ ᠳᠤ ᠡᠭᠦᠳᠦᠨ ᠪᠠᠶᠢᠭᠤᠯᠵᠤ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠪᠠᠷ ᠲᠦᠷᠦᠭᠦᠯᠡᠭᠦᠯᠦᠨ ᠭᠤᠤᠯᠯᠠᠨ ᠡᠷᠭᠢᠯᠡᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠲᠦᠭᠡᠮᠡᠯᠵᠢᠭᠦᠯᠦᠨ ᠬᠥᠭᠵᠢᠭᠦᠯᠬᠦ ᠴᠢᠬᠤᠯᠠ ᠲᠠᠪᠴᠠᠩ ᠪᠠ ᠨᠠᠷᠠᠲᠤ ᠲᠡᠮᠳᠡᠭᠲᠦ ᠶᠢᠨ ᠠᠵᠢᠯᠯᠠᠭ᠎ᠠ ᠪᠣᠯᠤᠨ᠎ᠠ᠃ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠢ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠤᠨ ᠬᠥᠯᠥᠨ ᠪᠤᠶᠢᠷ ᠬᠤᠲᠠ ᠬᠠᠮᠲᠤ ᠪᠠᠷ ᠳᠠᠭᠠᠭᠠᠴᠢᠯᠠᠨ ᠡᠷᠭᠢᠯᠡᠵᠦ᠂ 12 ᠰᠠᠷ᠎ᠠ ᠶᠢᠨ ᠡᠬᠢ ᠪᠠᠷ ᠮᠠᠨ ᠤ ᠬᠤᠲᠠ ᠳᠤ ᠡᠷᠭᠢᠯᠡᠬᠦ ᠪᠣᠯᠤᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ