ᠸᠠᠩ ᠸᠠᠩ ᠱᠧᠩ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠣᠶ ᠰᠢᠭᠤᠶ ᠶᠢᠨ ᠥᠭᠡᠷᠡᠴᠢᠯᠡᠯᠲᠡ ᠪᠠ ᠠᠵᠤ ᠠᠬᠤᠶ ᠶᠢᠨ ᠠᠵᠢᠯᠯᠠᠭᠠᠨ ᠤ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2024/12/3
       ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠣᠶ ᠰᠢᠭᠤᠶ ᠶᠢᠨ ᠥᠭᠡᠷᠡᠴᠢᠯᠡᠯᠲᠡ ᠪᠠ ᠠᠵᠤ ᠠᠬᠤᠶ ᠶᠢᠨ ᠠᠵᠢᠯᠯᠠᠭᠠᠨ ᠤ ᠠᠵᠢᠯ ᠢ ᠰᠤᠳᠤᠯᠵᠤ᠂ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃
2024-11-11-1.jpg
       ᠬᠤᠲᠠ ᠶᠢᠨ ᠬᠠᠷᠢᠶ᠎ᠠ ᠣᠶ ᠰᠢᠭᠤᠶ ᠶᠢᠨ ᠵᠢᠷᠭᠤᠳᠤᠭᠠᠷ ᠲᠣᠪᠴᠢᠶ᠎ᠠ ᠶᠢᠨ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠥᠭᠡᠷᠡᠴᠢᠯᠡᠯᠲᠡ ᠵᠡᠷᠭᠡ ᠬᠤᠯᠪᠣᠭᠳᠠᠯ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠸᠠᠩ ᠸᠠᠩ ᠱᠧᠩ᠂ ᠣᠶ ᠰᠢᠭᠤᠶ ᠶᠢᠨ ᠥᠭᠡᠷᠡᠴᠢᠯᠡᠯᠲᠡ ᠶᠢᠨ ᠠᠵᠢᠯ ᠨᠢ ᠪᠥᠬᠦ ᠬᠤᠲᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ᠂ ᠠᠯᠤᠰ ᠬᠡᠲᠦ ᠶᠢᠨ ᠬᠠᠷᠠᠴᠠ᠂ ᠨᠠᠷᠢᠯᠢᠭ ᠪᠤᠳᠤᠬᠤ ᠤᠬᠠᠮᠰᠠᠷ ᠢ ᠪᠣᠶ ᠪᠣᠯᠭᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠭᠤᠶᠢᠲᠤ ᠣᠷᠣᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠥᠮ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠪᠠᠶᠢᠭᠤᠯᠤᠯ ᠲᠣᠭᠲᠠᠴᠠ ᠶᠢᠨ ᠲᠦᠭᠵᠢᠷᠡᠯ ᠢ ᠨᠡᠪᠲᠡᠷᠡᠭᠦᠯᠦᠨ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠤᠨ ᠠᠰᠠᠭᠤᠳᠠᠯ ᠢ ᠠᠷᠢᠯᠭᠠᠵᠤ᠂ ᠰᠢᠭᠤᠶᠢᠲᠤ ᠣᠷᠣᠨ ᠤ ᠺᠠᠳ᠋ᠷ ᠣᠯᠠᠨ ᠲᠦᠮᠡᠨ ᠤ ᠠᠮᠢᠳᠤᠷᠠᠯ ᠢ ᠰᠠᠶᠢᠵᠢᠷᠠᠭᠤᠯᠵᠤ᠂ ᠡᠶ᠎ᠡ ᠵᠣᠬᠢᠴᠠᠯ ᠲᠠᠢ ᠲᠣᠭᠲᠠᠭᠤᠨ ᠰᠢᠭᠤᠶᠢᠲᠤ ᠣᠷᠣᠨ ᠤ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃       ᠦᠭᠡᠷᠡᠴᠢᠯᠠᠯᠲᠠ ᠶᠢ ᠨᠢᠬᠡᠲᠦᠯᠲᠡᠢ ᠳᠦᠯᠦᠪᠯᠡᠨ ᠪᠤᠲᠤᠯᠭᠢᠯᠠᠬᠤ ᠬᠡᠷᠡᠭᠲᠡᠢ ᠮᠦᠷᠲᠡᠬᠡᠨ ᠪᠠᠰᠠ ᠭᠠᠵᠠᠷ ᠤᠷᠤᠨ ᠤ ᠪᠠᠶᠢᠲᠠᠯ ᠲᠠᠭᠠᠨ ᠲᠤᠭᠢᠷᠠᠮᠵᠢᠲᠠᠢ ᠪᠤᠯᠭᠠᠵᠤ᠂ ᠤᠢ ᠰᠢᠭᠤᠢ ᠶᠢᠨ ᠲᠤᠪᠴᠢᠶ᠎ᠠ᠂ ᠬᠠᠮᠲᠤᠯᠢᠭ ᠨᠢᠬᠡᠪᠦᠷᠢ ᠴᠦᠮ ᠦᠪᠡᠷ ᠤᠨ ᠤᠨᠴᠠᠭᠠᠢ ᠴᠢᠨᠠᠷᠲᠠᠢ ᠪᠠᠶᠢᠵᠤ᠂ ᠡᠯ᠎ᠡ ᠵᠠᠩᠭᠢᠯᠭ᠎ᠠ ᠶᠢᠨ ᠶᠠᠪᠤᠴᠠ ᠪᠠ ᠲᠦᠰᠦᠯ ᠤᠨ ᠰᠠᠨᠠᠯ ᠢ ᠴᠦᠮ ᠰᠤᠲᠤᠯᠤᠨ ᠲᠤᠭᠲᠠᠭᠠᠵᠤ ᠪᠠᠶᠢᠭᠠᠳ ᠲᠠᠭᠢᠨ ᠬᠡᠷᠡᠭᠵᠢᠭᠦᠯᠭᠦ ᠭᠡᠪᠡᠯ᠂ ᠡᠷᠬᠡᠪᠰᠢ ᠬᠠᠤᠯᠢ ᠶᠤᠰᠤᠨ ᠳᠤ ᠨᠡᠶᠢᠴᠡᠬᠦ᠂ ᠶᠤᠰᠤᠲᠠᠢ ᠪᠠᠷᠢᠮᠲᠠ ᠪᠠᠶᠢᠬᠤ ᠬᠡᠷᠡᠭᠲᠡᠢ᠃ ᠥᠭᠡᠷᠡᠴᠢᠯᠡᠯᠲᠡ ᠶᠢᠨ ᠡᠮᠦᠨ᠎ᠡ ᠬᠤᠶᠢᠨᠠᠬᠢ ᠵᠣᠯᠭᠠᠯᠴᠠᠭ᠎ᠠ ᠶᠢ ᠪᠠᠲᠤᠯᠠᠵᠤ᠂ ᠥᠭᠡᠷᠡᠴᠢᠯᠡᠯᠲᠡ ᠳᠤ ᠬᠤᠯᠪᠣᠭᠳᠠᠬᠤ ᠤᠢ ᠰᠢᠭᠤᠢ ᠶᠢᠨ ᠠᠵᠢᠯᠳᠠᠨ ᠠᠵᠢᠯᠴᠢᠨ ᠤ ᠬᠠᠷᠠᠭᠠᠯᠵᠠᠯ ᠢ ᠪᠡᠶᠡᠯᠡᠭᠦᠯᠬᠦ ᠠᠵᠢᠯ ᠢ ᠬᠦᠴᠦᠲᠡᠢ ᠡᠮᠬᠢ ᠵᠢᠷᠤᠮ ᠲᠠᠢ ᠰᠠᠶᠢᠲᠤᠷ ᠬᠢᠵᠦ᠂ ᠠᠵᠢᠯᠳᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠲᠡᠳᠡᠨ ᠤ ᠰᠢᠭᠤᠶᠢᠲᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠨᠡᠩ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠵᠣᠷᠢᠭᠵᠢᠭᠤᠯᠬᠤ ᠬᠡᠷᠡᠭᠲᠡᠢ ᠭᠡᠵᠡᠶ᠃       ᠳᠠᠷᠠᠭᠠᠴᠢ ᠶᠢᠨ ᠠᠯᠬᠤᠮ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠲᠤᠬᠠᠶ᠂ ᠸᠠᠩ ᠸᠠᠩ ᠱᠧᠩ᠂ ᠡᠯ᠎ᠡ ᠱᠠᠲᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠬᠦᠴᠢᠷᠳᠡᠯ ᠳᠤ ᠵᠥᠪ ᠢᠶᠠᠷ ᠬᠠᠨᠳᠤᠵᠤ᠂ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠪᠣᠯᠤᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ᠂ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠰᠢᠯᠲᠠᠭᠠᠨ ᠢ ᠪᠤᠰᠤᠳᠴᠢ ᠪᠠᠷ ᠵᠠᠳᠠᠯᠵᠤ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ᠂ ᠠᠵᠤ ᠦᠢᠯᠡᠳᠪᠦᠷᠢ ᠶᠢᠨ ᠨᠡᠮᠡᠭᠳᠡᠯ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠡᠷᠡᠭᠯᠡᠭᠡ ᠶᠢ ᠠᠬᠢᠭᠤᠯᠬᠤ ᠵᠡᠷᠭᠡ ᠪᠣᠳᠠᠲᠠᠶ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠢᠭᠡᠳ ᠨᠢᠭᠡ ᠪᠠᠷ ᠦᠷ᠎ᠡ ᠳ᠋ᠦᠩ ᠲᠠᠢ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠳᠤᠷᠢᠳᠤᠯᠭ᠎ᠠ ᠬᠡᠰᠡᠭ ᠳᠠᠭᠠᠭᠠᠴᠢᠯᠠᠨ ᠬᠤᠯᠪᠣᠭᠠᠯᠠᠬᠤ ᠲᠦᠷᠢᠮ ᠲᠣᠭᠲᠠᠴᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠬᠤ ᠶᠢ ᠴᠢᠩᠭᠠᠳᠬᠠᠵᠤ᠂ ᠱᠠᠯᠠᠪᠳᠠᠭᠤᠯᠤᠨ ᠵᠢᠯᠣᠭᠤᠳᠴᠤ ᠬᠢᠨᠠᠨ ᠰᠢᠯᠭᠠᠬᠤ ᠶᠢ ᠴᠢᠩᠭᠠᠳᠬᠠᠵᠤ᠂ ᠦᠷ᠎ᠡ ᠪᠦᠲᠦᠮᠵᠢ ᠶᠢ ᠦᠷᠭᠦᠯᠵᠢᠯᠡᠨ ᠮᠥᠷᠳᠡᠨ ᠠᠰᠠᠭᠤᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠬᠠᠮᠤᠭ ᠤᠨ ᠶᠡᠭᠡ ᠴᠢᠷᠮᠠᠶᠢᠯᠭ᠎ᠠ ᠪᠠᠷ ᠪᠡᠶᠡᠯᠡᠭᠦᠯᠬᠦ ᠬᠡᠷᠡᠭᠲᠡᠢ ᠭᠡᠵᠡᠢ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ