ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ | ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠬᠥᠩ ᡁᠢ ᠴᠢᠶᠠᠩ ᠨᠠᠷ ᠪᠣᠯᠤᠨ | ᠬᠤᠳᠠᠯᠳᠤᠭᠠᠴᠢᠨ ᠤᠷᠢᠬᠤ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠯᠢᠦ ᠯᠸᠢ ᠨᠡᠷ ᠲᠠᠢ | ᠲᠣᠰ ᠲᠣᠰ ᠠᠭᠤᠯᠵᠠᠵᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃ | | | | ᠸᠠᠩ ᠸᠠᠩ ᠱᠧᠩ᠂ ᠭᠦᠩ ᡁᠢ ᠴᠢᠶᠠᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠤᠨ | ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠮᠠᠨ ᠤ ᠬᠤᠳᠠ ᠳᠤ ᠮᠥᠩᠭᠦᠨ ᠭᠦᠢᠯᠭᠡᠭᠡᠨ ᠤ ᠳᠡᠮᠵᠢᠯᠭᠡ | ᠦᠵᠡᠭᠦᠯᠦᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠬᠥᠯᠥᠨ ᠪᠤᠶᠢᠷ ᠬᠤᠲᠠ ᠶᠠᠭ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ | ᠬᠡᠲᠦᠷᠡᠬᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠪᠠ ᠠᠷᠠᠳ ᠤᠨ ᠠᠮᠢᠳᠤᠷᠠᠯ ᠢ | ᠪᠠᠲᠤᠯᠠᠬᠤ ᠬᠦᠷᠢᠶᠡᠨ ᠳᠤ ᠠᠯᠢ ᠣᠯᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤᠷᠠᠳᠤᠭᠰᠠᠨ ᠪᠥᠭᠡᠳ ᠢᠷᠡᠬᠦ ᠵᠢᠯ ᠤᠨ ᠠᠵᠢᠯ ᠪᠠ ︽ᠠᠷᠪᠠᠨ ᠲᠠᠪᠤᠳᠤᠭᠠᠷ | ᠲᠠᠪᠤᠨ ᠵᠢᠯ︾ ᠤᠨ ᠲᠥᠯᠥᠪᠵᠢᠭᠦᠯᠭᠡ ᠶᠢ ᠢᠳᠡᠪᠬᠢᠲᠡᠶ ᠰᠦᠪᠡᠭᠴᠢᠯᠡᠵᠦ ᠪᠠᠶᠢᠨ᠎ᠠ᠃ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠯᠥᠨ ᠪᠤᠶᠢᠷ | ᠬᠤᠲᠠ ᠶᠢᠨ ᠭᠤᠤᠯ ᠠᠵᠢᠯ ᠪᠠ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠵᠤ᠂ ᠢᠯᠠᠩᠭᠤᠶ᠎ᠠ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ | ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠵᠡᠷᠭᠡ ᠲᠠᠯ᠎ᠠ ᠪᠠᠷ ᠨᠠᠩ ᠣᠯᠠᠨ ᠮᠥᠩᠭᠦᠨ ᠭᠦᠢᠯᠭᠡᠭᠡᠨ ᠤ ᠳᠡᠮᠵᠢᠯᠭᠡ ᠪᠠ ᠪᠠᠲᠤᠯᠠᠭ᠎ᠠ | ᠬᠠᠩᠭᠠᠵᠤ᠂ ᠭᠠᠵᠠᠷ ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠠᠩ ᠰᠠᠶᠢᠲᠤᠷ ᠬᠥᠭᠵᠢᠭᠡᠬᠦ ᠶᠢ ᠬᠦᠰᠡᠵᠦ ᠪᠠᠶᠢᠨ᠎ᠠ ᠭᠡᠵᠡᠢ᠃ | | | | ᠸᠠᠩ ᠸᠠᠩ ᠱᠧᠩ ᠯᠢᠦ ᠯᠸᠢ ᠲᠠᠢ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠣᠭᠤᠷᠢᠨ ᠳᠤ ᠰᠠᠨᠠᠯ ᠢᠶᠠᠨ ᠰᠣᠯᠢᠯᠴᠠᠪᠠ᠃ | ᠸᠠᠩ ᠸᠠᠩ ᠱᠧᠩ᠂ ᠣᠶᠢᠷ᠎ᠠ ᠶᠢᠨ ᠵᠢᠯ ᠳᠤ᠂ ᠬᠤᠳᠠᠯᠳᠤᠭᠠᠴᠢᠨ ᠤᠷᠢᠬᠤ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠦᠢᠯᠡᠳᠬᠦᠨ ᠪᠠ ᠦᠢᠯᠡᠴᠢᠯᠡᠭᠡᠨ ᠤ | ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠠᠬᠢᠭᠤᠯᠵᠤ᠂ ᠶᠡᠷᠦᠩᠬᠡᠶᠢᠯᠡᠭᠰᠡᠨ ᠥᠷᠢᠰᠥᠯᠳᠦᠭᠡᠨ ᠤ ᠪᠣᠳᠠᠲᠤ ᠬᠦᠴᠦᠨ ᠢᠯᠡᠳᠲᠡ ᠴᠢᠩᠭᠠᠷᠠᠪᠠ᠃ ᠣᠷᠣᠨ | ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ ᠦᠭᠡᠢ᠂ | ᠬᠤᠶᠠᠷ ᠲᠠᠯ᠎ᠠ ᠪᠠᠷ ᠢᠶᠠᠨ ᠣᠯᠣᠯᠴᠠᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠶᠢᠨ ᠦᠢᠯᠡᠳᠦᠯᠴᠡᠯ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠬᠠᠮᠲᠤᠷᠠᠯᠴᠠᠭᠠᠨ ᠤ | ᠬᠠᠷᠢᠴᠠᠭ᠎ᠠ ᠪᠠᠶᠢᠭᠤᠯᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ | ᠪᠠᠶᠢᠨ᠎ᠠ ᠭᠡᠪᠡ᠃ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠬᠥᠯᠥᠨ ᠪᠤᠶᠢᠷ ᠤᠨ ᠬᠥᠭᠵᠢᠯᠲᠡ ᠶᠢᠨ ᠢᠷᠡᠭᠡᠳᠦᠶ ᠶᠢ ᠰᠠᠶᠢᠲᠤᠷ | ᠬᠠᠷᠠᠵᠤ᠂ ᠣᠷᠣᠨ ᠨᠤᠲᠤᠭ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠢᠳᠡᠪᠬᠢᠲᠡᠶ ᠵᠣᠯᠭᠠᠭᠤᠯᠵᠤ᠂ ᠡᠯ᠎ᠡ ᠵᠦᠢᠯ ᠤᠨ ᠮᠥᠩᠭᠦᠨ ᠭᠦᠢᠯᠭᠡᠭᠡᠨ ᠤ | ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠰᠠᠶᠢᠲᠤᠷ ᠠᠳᠬᠤᠵᠤ᠂ ᠬᠠᠮᠲᠤᠷᠠᠯᠴᠠᠭᠠᠨ ᠤ ᠲᠠᠰ ᠳᠠᠪᠬᠤᠷᠭ᠎ᠠ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠂ ᠴᠢᠨᠠᠷ ᠰᠠᠶᠢᠲᠠᠶ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠬᠤᠶᠠᠷ ᠲᠠᠯ᠎ᠠ ᠶᠢᠨ | ᠬᠠᠮᠲᠤᠷᠠᠯᠴᠠᠵᠤ ᠬᠠᠮᠲᠤ ᠪᠠᠷ ᠠᠰᠢᠭ ᠭᠥᠷᠳᠡᠬᠦ ᠳᠤᠮᠳᠠ ᠨᠠᠩ ᠶᠡᠭᠡ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ ᠭᠡᠵᠦ ᠢᠯᠡᠷᠬᠡᠶᠢᠯᠡᠪᠡ᠃ |