ᠸᠠᠩ ᠸᠠᠩ ᠱᠧᠩ ᠡᠪᠦᠯ ᠤᠨ ᠤᠯᠠᠷᠢᠯ ᠤᠨ ᠵᠢᠭᠤᠯᠴᠢᠯᠠᠯ ᠪᠠ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/12/3
       10 ᠰᠠᠷ᠎ᠠ ᠶᠢᠨ 30 ᠤ ᠡᠳᠦᠷ ᠠᠴᠠ 11 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠶᠠᠭᠰᠢ ᠬᠤᠲᠠ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ ᠪᠣᠯᠤᠨ ᠵᠠᠯᠠᠶᠢᠨᠠᠭᠤᠷ ᠲᠣᠭᠤᠷᠢᠭ ᠲᠤ ᠤᠷᠢᠳ ᠬᠤᠵᠢᠳ ᠬᠦᠷᠴᠦ ᠪᠠᠶᠢᠴᠠᠭᠠᠨ ᠰᠤᠳᠤᠯᠤᠯᠲᠠ ᠬᠢᠪᠠ᠃ ᠶᠠᠭᠰᠢ ᠶᠢᠨ ᠹᠧᠩ ᠬᠤᠸᠠᠩ ᠱᠠᠨ ᠦᠵᠡᠮᠵᠢ ᠶᠢᠨ ᠣᠷᠣᠨ ᠳᠤ᠂ ᠸᠠᠩ ᠸᠠᠩ ᠱᠧᠩ ᠲᠤᠬᠠᠢ ᠶᠢᠨ ᠭᠠᠵᠠᠷ ᠲᠤᠨᠢ ᠮᠥᠰᠥ ᠴᠠᠰᠤᠨ ᠤ ᠨᠠᠭᠠᠳᠤᠮ ᠵᠡᠷᠭᠡ ᠡᠪᠦᠯ ᠤᠨ ᠤᠯᠠᠷᠢᠯ ᠤᠨ ᠵᠤᠭᠠᠴᠠᠯ ᠤᠨ ᠠᠵᠢᠯᠯᠠᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ᠲᠣᠰ ᠤᠳᠠᠭ᠎ᠠ ᠶᠢᠨ ᠨᠠᠭᠠᠳᠤᠮ ᠢ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠡᠬᠢᠯᠡᠯᠲᠡ ᠶᠢᠨ ᠶᠣᠰᠣᠯᠠᠯ᠂ ᠤᠷᠤᠯᠳᠤᠭᠠᠨ ᠤ ᠠᠵᠢᠯᠯᠠᠭ᠎ᠠ᠂ ᠬᠤᠳᠠᠯᠳᠤᠭᠠᠴᠢᠨ ᠤᠷᠢᠬᠤ ᠤᠬᠠᠭᠤᠯᠭ᠎ᠠ ᠲᠠᠨᠢᠯᠴᠠᠭᠤᠯᠭ᠎ᠠ ᠶᠢ ᠰᠠᠶᠢᠲᠤᠷ ᠵᠣᠬᠢᠶᠠᠨ ᠪᠠᠶᠢᠭᠤᠯᠵᠤ᠂ ᠡᠷᠬᠢᠨ ᠲᠣᠭᠤᠷᠢᠨ ᠤ ᠡᠬᠢ ᠪᠠᠶᠠᠯᠢᠭ ᠲᠠᠢ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠰᠢᠨ᠎ᠡ ᠬᠠᠶᠢᠨ ᠰᠥᠪᠡᠭᠴᠢᠯᠡᠯᠲᠡ ᠶᠢᠨ ᠤᠨᠴᠠᠯᠢᠬᠳᠤ ᠲᠥᠷᠥᠯ ᠵᠦᠢᠯ  ᠢ ᠳᠡᠯᠭᠡᠨ ᠦᠵᠡᠭᠦᠯᠵᠦ᠂ ︽ᠮᠥᠰᠥ ᠴᠠᠰᠤᠨ ᠤ ᠰᠣᠶᠣᠯ ᠵᠢᠭᠤᠯᠴᠢᠯᠠᠯ + ᠬᠦᠢᠲᠡᠨ ᠤ ᠰᠤᠷᠢᠯᠲᠠ︾ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠦᠴᠦᠯᠡᠨ ᠴᠣᠭᠴᠠᠯᠠᠵᠤ᠂ ︽ᠬᠥᠯᠥᠨ ᠪᠤᠶᠢᠷ ᠤᠨ ᠰᠠᠷᠠᠭᠤᠯ ᠲᠠᠯ᠎ᠠ ᠨᠤᠲᠤᠭ︾ ᠤᠨ ᠲᠥᠷᠥᠯ ᠲᠡᠮᠳᠡᠭ ᠤᠨ ᠳᠥᠷᠪᠡᠨ ᠤᠯᠠᠷᠢᠯ ᠤᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠥᠷᠭᠡᠳᠬᠡᠬᠦ ᠬᠡᠷᠡᠭᠲᠡᠶ ᠭᠡᠪᠡ᠃
2024-11-11-4.jpg
       ᠰᠢᠨ᠎ᠡ ᠪᠠᠷᠭᠤ ᠵᠡᠭᠦᠨ ᠬᠤᠰᠢᠭᠤ ᠪᠣᠯᠤᠨ ᠰᠢᠨ᠎ᠡ ᠪᠠᠷᠭᠤ ᠪᠠᠷᠠᠭᠤᠨ ᠬᠤᠰᠢᠭᠤᠨ ᠳᠤ᠂ ᠸᠠᠩ ᠸᠠᠩ ᠱᠧᠩ ᠡᠪᠡᠰᠦᠨ ᠤ ᠦᠢᠯᠡᠰ ᠤᠨ ᠬᠥᠭᠵᠢᠯᠲᠡ ᠪᠣᠯᠤᠨ ︽ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ︾ ᠰᠤᠳᠤᠯᠭᠠᠨ ᠤ ᠰᠡᠳᠦᠪ ᠤᠨ ᠪᠠᠶᠢᠴᠠᠭᠠᠨ ᠰᠤᠳᠤᠯᠤᠯᠲᠠ ᠪᠣᠯᠪᠠᠰᠤᠷᠠᠯ ᠢ ᠨᠢᠭᠡ ᠴᠣᠭᠴᠠᠵᠢᠭᠤᠯᠤᠭᠰᠠᠨ ᠪᠠᠶᠢᠳᠠᠯ ᠢ ᠣᠶᠢᠯᠠᠭᠠᠭᠰᠠᠨ ᠪᠥᠭᠡᠳ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠲᠡᠷᠡ᠂ ᠡᠯ᠎ᠡ ᠳᠠᠭᠠᠭᠠᠴᠢᠯᠠᠨ ᠬᠤᠯᠪᠣᠭᠠᠯᠠᠬᠤ ᠳᠤᠭᠤᠶᠢᠯᠠᠩ᠂ ᠮᠠᠯᠵᠢᠬᠤ ᠳᠥᠷᠪᠡᠨ ᠬᠤᠰᠢᠭᠤ᠂ ᠬᠤᠲᠠ ᠬᠤᠰᠢᠭᠤ ᠬᠤᠶᠠᠷ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠲᠤᠰᠬᠠᠶ ᠮᠡᠷᠭᠡᠵᠢᠯᠲᠡᠨ ᠡᠷᠳᠡᠮᠲᠡᠨ ᠤ ᠪᠦᠯᠬᠦᠮ ᠰᠢᠨ᠎ᠡ ᠶᠢ ᠡᠭᠦᠳᠬᠦ ᠰᠡᠳᠬᠢᠬᠦᠶ ᠪᠠᠨ ᠴᠢᠩᠭᠠᠳᠬᠠᠵᠤ᠂ ᠰᠠᠨᠠᠭᠠᠴᠢᠯᠠᠭᠠᠲᠤ ᠤᠬᠠᠮᠰᠠᠷ ᠢᠶᠠᠨ ᠴᠢᠩᠭᠠᠳᠬᠠᠵᠤ᠂ ᠵᠣᠬᠢᠴᠠᠭᠤᠯᠤᠨ ᠬᠤᠯᠪᠤᠭᠠᠯᠠᠵᠤ ᠬᠥᠳᠡᠯᠦᠯᠴᠡᠬᠦ ᠪᠠᠨ ᠴᠢᠩᠭᠠᠳᠬᠠᠵᠤ᠂ ︽1 + N + M︾ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ ᠥᠭᠡᠷᠡᠴᠢᠯᠡᠯᠲᠡ ᠶᠢᠨ ᠲᠤᠷᠰᠢᠯᠲᠠ ᠳᠤ ᠣᠷᠣᠯᠴᠠᠭᠤᠯᠬᠤ ᠬᠡᠷᠡᠭᠲᠡᠶ᠃ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠂ ︽ᠭᠤᠷᠪᠠ ᠶᠢ ᠨᠢᠭᠡ ᠴᠤᠭᠴᠠᠵᠢᠭᠤᠯᠬᠤ︾᠂ ︽ᠠᠯᠠᠰᠢᠨ ᠦᠬᠡᠷ ᠢ ᠪᠠᠷᠠᠭᠤᠨ ᠤᠷᠤᠨ ᠳᠤ ᠦᠷᠡᠵᠢᠭᠦᠯᠵᠦ ᠵᠡᠬᠦᠨ ᠤᠷᠤᠨ ᠳᠤ ᠪᠤᠶᠢᠵᠢᠭᠤᠯᠬᠤ︾ ᠵᠡᠷᠭᠡ ᠪᠦᠲᠦᠮᠵᠢᠲᠡᠶ ᠠᠷᠭ᠎ᠠ ᠵᠠᠮ ᠢ ᠰᠦᠪᠡᠭᠴᠢᠯᠡᠵᠦ᠂ ︽ᠮᠠᠩᠯᠠᠶ ᠶᠢᠨ ᠵᠠᠭᠪᠤᠷ︾ ᠤᠨ 2.0 ᠬᠡᠪ ᠢ ᠪᠣᠶ ᠪᠣᠯᠭᠠᠵᠤ᠂ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠠᠷᠭ᠎ᠠ ᠬᠢᠳᠡᠯ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠬᠦ ᠬᠡᠷᠡᠭᠲᠡᠶ᠃ ᠨᠠᠷᠢᠯᠢᠭ ᠭᠦᠨᠵᠡᠭᠡᠶ ᠡᠳ᠋ᠰᠢᠭᠦᠯᠬᠦ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ᠂ ᠡᠯᠧᠺᠳ᠋ᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠵᠠᠭᠪᠤᠷ᠂ ᠴᠢᠳᠠᠪᠤᠷᠢᠲᠠᠨ ᠢ ᠰᠢᠯᠭᠠᠷᠠᠭᠤᠯᠬᠤ ᠵᠡᠷᠭᠡ ᠲᠠᠯ᠎ᠠ ᠪᠠᠷ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠢ ᠰᠠᠶᠢᠲᠤᠷ ᠬᠢᠵᠦ᠂ ᠣᠯᠠᠨ ᠠᠵᠤ ᠦᠢᠯᠡᠰ ᠤᠨ ᠬᠠᠮᠵᠢᠯᠴᠠᠨ ᠬᠥᠭᠵᠢᠬᠦ ᠪᠠ ᠰᠢᠨ᠎ᠡ ᠶᠢ ᠡᠭᠦᠳᠬᠦ ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠶ ᠭᠡᠵᠡᠢ᠃       ᠵᠠᠯᠠᠶᠢᠨᠠᠭᠤᠷ ᠲᠣᠭᠤᠷᠢᠭ ᠤᠨ 2 × 35 ᠲᠦᠮᠡᠨ ᠺᠢᠯᠤᠸᠠᠲ ᠤᠨ ᠢᠯᠴᠢ ᠴᠠᠬᠢᠯᠭᠠᠨ ᠢ ᠨᠡᠭᠦᠷᠡᠰᠦ ᠴᠠᠬᠢᠯᠭᠠᠨ ᠲᠠᠢ ᠬᠤᠯᠪᠣᠭᠠᠯᠠᠨ ᠦᠢᠯᠡᠳᠪᠦᠷᠢᠯᠡᠬᠦ‍ ᠨᠢᠭᠡ ᠴᠤᠭᠴᠠᠵᠢᠭᠤᠯᠤᠭᠰᠠᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠵᠢᠯᠣᠭᠤᠳᠬᠤ ᠭᠠᠵᠠᠷ ᠲᠤ᠂ ᠸᠠᠩ ᠸᠠᠩ ᠱᠧᠩ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠪᠥᠲᠥᠭᠡᠨ ᠪᠠᠶᠢᠭᠤᠯᠤᠯᠲᠠ ᠶᠢᠨ ᠨᠢᠭᠡᠴᠢ ᠶᠢᠨ ᠬᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠬᠦᠴᠢᠷ ᠲᠦᠪᠡᠭᠲᠡᠶ ᠲᠦᠭᠵᠢᠷᠡᠯ ᠳᠤ ᠠᠩᠬᠠᠷᠤᠯ ᠢᠶᠠᠨ ᠲᠥᠪᠯᠡᠷᠡᠭᠦᠯᠦᠨ ᠤᠨᠤᠴᠠᠲᠠᠢ ᠬᠦᠴᠦᠯᠡᠵᠦ᠂ ᠪᠠᠷᠢᠯᠭ᠎ᠠ ᠶᠢᠨ ᠶᠠᠰᠤ ᠴᠢᠨᠠᠷ ᠪᠣᠯᠤᠨ ᠠᠮᠤᠷ ᠲᠦᠪᠰᠢᠨ ᠢ ᠴᠢᠩᠭ᠎ᠠ ᠡᠵᠡᠮᠳᠡᠵᠦ᠂ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠥᠨᠳᠥᠷ ᠪᠠᠷᠢᠮᠵᠢᠶ᠎ᠠ ᠥᠨᠳᠥᠷ ᠪᠦᠲᠦᠮᠵᠢᠲᠡᠶ ᠴᠢᠨᠠᠷ ᠰᠠᠶᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠡᠨᠡ ᠬᠤᠭᠤᠴᠠᠭᠠᠨ ᠳᠤ ᠸᠠᠩ ᠸᠠᠩ ᠱᠧᠩ ᠲᠤᠰ ᠲᠤᠰ ᠡᠯ᠎ᠡ ᠭᠠᠵᠠᠷ ᠣᠷᠣᠨ ᠤ ᠤᠳᠤᠷᠢᠳᠬᠤ ᠺᠠᠳ᠋ᠷᠴᠤᠳ ᠲᠠᠢ ᠬᠠᠮᠲᠤ ᠪᠠᠷ ᠶᠠᠷᠢᠯᠴᠠᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ