11 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ | ᠭᠦᠭᠡᠬᠤᠲᠠ ᠳᠤ ᠬᠤᠸᠠ ᠷᠦᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠸᠠᠩ ᠰᠢᠶᠠᠩ ᠮᠢᠩ ᠲᠠᠢ ᠠᠭᠤᠯᠵᠠᠪᠠ᠃ | | | 11 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ | ᠭᠦᠭᠡᠬᠤᠲᠠ ᠳᠤ ᠬᠤᠸᠠ ᠷᠦᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠸᠠᠩ ᠰᠢᠶᠠᠩ ᠮᠢᠩ ᠲᠠᠢ ᠠᠭᠤᠯᠵᠠᠪᠠ᠃ | ᠲᠣᠰ ᠰᠣᠨᠢᠨ ᠤ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ | | | | ᠰᠦᠨ ᠱᠤᠤ ᠴᠧᠩ ᠸᠠᠩ ᠰᠢᠶᠠᠩ ᠮᠢᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠬᠤᠸᠠ ᠷᠦᠨ ᠪᠦᠯᠦᠭᠯᠡᠯ ᠤᠨ ᠤᠷᠳᠤ | ᠬᠤᠭᠤᠴᠠᠭᠠᠨ ᠤ ᠲᠤᠷᠰᠢ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠭᠰᠡᠨ ᠪᠠ ᠡᠭᠦᠨ ᠳᠤ ᠣᠷᠣᠯᠴᠠᠬᠰᠠᠨ ᠳᠤ ᠲᠠᠯᠠᠷᠬᠠᠵᠤ | ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠥᠪᠥᠷ | ᠮᠣᠩᠭᠤᠯ ᠣᠲᠣ ᠨᠡᠭᠡᠭᠡᠯᠲᠡᠲᠤ ᠮᠠᠶ᠋ᠢᠭ ᠤᠨ ᠬᠥᠭᠵᠢᠯᠲᠡ ᠶᠢ ᠪᠠᠴᠢᠮ ᠱᠠᠭᠠᠷᠳᠠᠵᠤ ᠪᠠᠶᠢᠨ᠎ᠠ᠂ ᠬᠤᠸᠠ ᠷᠦᠨ ᠪᠦᠯᠦᠭᠯᠡᠯ ᠤᠨ ᠲᠤᠬᠠᠶᠢᠯᠠᠭᠰᠠᠨ ᠠᠵᠢᠯ ᠤᠨ ᠬᠡᠰᠡᠭ | ᠪᠣᠯᠣᠨ ᠮᠠᠨ ᠤ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠬᠠᠷᠢᠯᠴᠠᠨ ᠨᠥᠬᠦᠪᠦᠷᠢᠯᠡᠬᠦ ᠴᠢᠨᠠᠷ ᠮᠠᠰᠢ ᠴᠢᠩᠭ᠎ᠠ ᠪᠠᠶᠢᠨ᠎ᠠ᠂ ᠬᠤᠸᠠ ᠷᠦᠨ | ᠪᠦᠯᠦᠭᠯᠡᠯ ᠤᠨ ᠬᠢᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨ᠎ᠡ ᠡᠨᠧᠷᠭᠢ᠂ ᠡᠮ ᠡᠮᠨᠡᠯᠭᠡ ᠡᠷᠡᠭᠦᠯ ᠮᠡᠨᠳᠦ᠂ ᠬᠡᠷᠡᠭᠯᠡᠭᠡ ᠶᠢᠨ | ᠠᠵᠤ ᠠᠬᠤᠢ ᠵᠡᠷᠭᠡ ᠬᠦᠷᠢᠶᠡᠨ ᠳᠤ ᠮᠠᠨ ᠤ ᠣᠷᠣᠨ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠤᠯᠠᠮ ᠴᠢᠩᠭᠠᠳᠬᠠᠵᠤ᠂ ᠪᠢᠳᠡᠨ ᠢ ᠳᠠᠶᠢᠴᠢᠯᠠᠨ | ᠬᠤᠳᠠᠯᠳᠤᠭᠠᠨ ᠤ ᠡᠵᠡᠩᠨᠡᠨ ᠪᠣᠷᠣᠯᠠᠭᠤᠯᠬᠤ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠡᠵᠡᠩᠨᠡᠨ ᠪᠣᠷᠣᠯᠠᠭᠤᠯᠬᠤ ᠠᠷᠭ᠎ᠠ ᠵᠠᠮ ᠢᠶᠠᠷ ᠳᠠᠮᠵᠢᠭᠤᠯᠤᠨ | ᠨᠠᠩ ᠣᠯᠠᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠬᠢᠲᠠᠳ ᠡᠮ ᠤᠨ ᠮᠠᠲ᠋ᠧᠷᠢᠶᠠᠯ ᠵᠡᠷᠭᠡ ᠶᠢ ᠥᠪᠥᠷ ᠮᠣᠩᠭᠤᠯ ᠠᠴᠠ | ᠭᠠᠷᠭᠠᠵᠤ᠂ ᠥᠨᠳᠥᠷ ᠦᠨ᠎ᠡ ᠬᠠᠩᠰᠢ ᠪᠠᠷ ᠬᠤᠳᠠᠯᠳᠤᠬᠤ ᠶᠢ ᠬᠦᠰᠡᠵᠦ ᠪᠠᠶᠢᠨ᠎ᠠ᠃ | ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠬᠦᠷᠢᠶ᠎ᠡ ᠪᠠᠨ ᠢᠳᠡᠪᠬᠢᠲᠡᠢ ᠥᠷᠭᠡᠳᠬᠡᠵᠦ᠂ ᠨᠡᠩ ᠤᠯᠠᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠵᠤ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃ ᠸᠠᠩ ᠰᠢᠶᠠᠩ ᠮᠢᠩ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠴᠠ ᠬᠤᠸᠠ ᠷᠦᠨ ᠪᠦᠯᠦᠭᠯᠡᠯ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠬᠤ ᠶᠢᠨ ᠬᠠᠮᠲᠤ ᠠᠵᠤ | ᠠᠬᠤᠶᠢᠯᠠᠯ ᠤᠨ ᠥᠪᠥᠷ ᠮᠣᠩᠭᠤᠯ ᠳᠠᠬᠢ ᠲᠤᠬᠠᠶᠢᠯᠠᠭᠰᠠᠨ ᠠᠵᠢᠯ ᠤᠨ ᠪᠠᠶᠢᠷᠢᠰᠢᠭᠤᠯᠤᠯᠲᠠ ᠪᠣᠯᠣᠨ ᠬᠥᠭᠵᠢᠯᠲᠡ ᠶᠢᠨ ᠰᠡᠳᠬᠢᠴᠡ ᠪᠠᠨ ᠲᠠᠨᠢᠯᠴᠠᠭᠤᠯᠪᠠ᠃ ᠲᠡᠷᠡ᠂ | ᠣᠶᠢᠷ᠎ᠠ ᠶᠢᠨ ᠵᠢᠯ ᠠᠴᠠ ᠬᠤᠸᠠ ᠷᠦᠨ ᠪᠦᠯᠦᠭᠯᠡᠯ ᠤᠨ ᠥᠪᠥᠷ ᠮᠣᠩᠭᠤᠯ ᠤᠨ ᠡᠯ᠎ᠡ ᠬᠦᠷᠢᠶᠡᠨ ᠳᠠᠬᠢ ᠪᠡᠯᠡ ᠣᠷᠣᠭᠤᠯᠤᠯᠲᠠ ᠶᠢᠨ ᠡᠷᠴᠢᠮ ᠦᠷᠭᠦᠯᠵᠢᠯᠡᠨ | ᠴᠢᠩᠭᠠᠷᠠᠵᠤ᠂ ᠬᠠᠮᠲᠤᠷᠠᠯᠴᠠᠭᠠᠨ ᠤ ᠦᠷ᠎ᠡ ᠪᠦᠲᠦᠭᠡᠯ ᠡᠯᠪᠡᠭ ᠪᠠᠶᠠᠯᠢᠭ ᠪᠣᠯᠪᠠ᠃ ᠲᠠᠷᠠᠭᠠᠴᠢ ᠶᠢᠨ ᠠᠯᠬᠤᠮ ᠳᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠶᠢᠨ ᠲᠣᠭᠤᠷᠢᠨ ᠳᠤ᠂ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ | ᠶᠡᠷᠦᠩᠬᠡᠶᠢᠯᠡᠭᠰᠡᠨ ᠡᠨᠧᠷᠭᠢ᠂ ᠲᠣᠮᠣ ᠬᠡᠷᠡᠭᠯᠡᠭᠡ᠂ ᠬᠤᠲᠠ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠬᠦᠷᠢᠶᠡᠨ ᠳᠤ | ᠪᠡᠯᠡ ᠣᠷᠣᠭᠤᠯᠤᠯᠲᠠ ᠶᠢᠨ ᠡᠷᠴᠢᠮ ᠢᠶᠠᠨ ᠤᠯᠠᠮ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ | ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠠᠩ ᠣᠯᠠᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠪᠥᠷ ᠮᠣᠩᠭᠤᠯ ᠤᠨ | ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠪᠡ᠃ | ᠢᠦᠢ ᠯᠢ ᠰᠢᠨ᠂ ᠶᠣᠣ ᠶᠦᠩ ᠪᠦᠸᠧ ᠠᠭᠤᠯᠵᠠᠯᠲᠠ ᠳᠤ ᠣᠷᠣᠯᠴᠠᠵᠠᠢ᠃ |