ᠭᠤᠷᠪᠠᠳᠤᠭᠠᠷ ᠵᠡᠭᠡᠯᠢ ᠭᠤᠳᠤᠮᠵᠢ ᠶᠢᠨ ᠴᠢᠶᠠᠩ ᠱᠧᠩ ᠨᠡᠶᠢᠭᠡᠮ ᠲᠣᠭᠤᠷᠢᠭ ᠪᠠᠶᠢᠰᠢᠩ ᠭᠡᠷ ᠤᠨ ᠨᠡᠭᠦᠷᠡᠰᠦᠨ ᠬᠡᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2024/12/30
       ᠨᠡᠶᠢᠭᠡᠮ ᠲᠣᠭᠤᠷᠢᠭ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠨᠡᠭᠦᠷᠡᠰᠦᠨ ᠬᠡᠶ ᠶᠢᠨ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠶᠢᠨ ᠲᠥᠯᠥᠭᠡ᠂ 2024 ᠣᠨ ᠤ 12 ᠰᠠᠷ᠎ᠠ ᠶᠢᠨ 27 ᠤ ᠡᠳᠦᠷ᠂ ᠭᠤᠷᠪᠠᠳᠤᠭᠠᠷ ᠵᠡᠭᠡᠯᠢ ᠭᠤᠳᠤᠮᠵᠢ ᠶᠢᠨ ᠴᠢᠶᠠᠩ ᠱᠧᠩ ᠨᠡᠶᠢᠭᠡᠮ ᠲᠣᠭᠤᠷᠢᠭ ᠤᠨ ᠬᠢᠨ ᠠᠵᠢᠯᠲᠠᠨ ᠢᠶᠠᠨ ᠵᠣᠬᠢᠶᠠᠨ ᠪᠠᠶᠢᠭᠤᠯᠤᠨ᠂ ᠨᠡᠭᠦᠷᠡᠰᠦᠨ ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠪᠠ᠃       ᠳᠠᠷᠠᠭᠠᠯᠠᠨ ᠪᠠᠶᠢᠴᠠᠭᠠᠬᠤ ᠠᠵᠢᠯᠲᠠᠳ ᠳᠤᠭᠤᠶᠢᠯᠠᠩ ᠬᠤᠪᠢᠶᠠᠨ ᠡᠯ᠎ᠡ ᠵᠡᠭᠡᠯᠢ ᠭᠤᠳᠤᠮᠵᠢ ᠪᠠᠷ ᠭᠦᠨᠵᠡᠭᠡᠶᠢᠷᠡᠵᠦ᠂ ᠡᠷᠦᠬᠡ ᠪᠦᠷᠢ ᠶᠢᠨ ᠨᠡᠭᠦᠷᠡᠰᠦᠨ ᠬᠡᠶ ᠶᠢᠨ ᠲᠥᠬᠦᠭᠡᠷᠦᠮᠵᠢ ᠳᠤ ᠨᠠᠷᠢᠨ ᠨᠢᠮᠪᠠᠶ ᠪᠠᠶᠢᠴᠠᠭᠠᠯᠲᠠ ᠬᠢᠵᠡᠶ᠂ ᠡᠭᠦᠨ ᠳᠤ ᠨᠡᠭᠦᠷᠡᠰᠦᠨ ᠬᠡᠶ ᠶᠢᠨ ᠰᠠᠪᠠ ᠶᠢᠨ ᠬᠡᠷᠡᠭᠯᠡᠭᠰᠡᠨ ᠵᠢᠯ ᠬᠤᠭᠤᠴᠠᠭ᠎ᠠ᠂ ᠨᠡᠭᠡᠯᠡᠬᠡᠶ ᠪᠣᠯᠤᠨ ᠭᠤᠮ ᠬᠤᠭᠤᠯᠠᠶ ᠶᠢᠨ ᠵᠠᠯᠭᠠᠯᠳᠤᠭᠰᠠᠨ ᠪᠠᠶᠢᠳᠠᠯ᠂ ᠭᠤᠮ ᠬᠤᠭᠤᠯᠠᠶ ᠬᠠᠭᠤᠴᠢᠷᠠᠵᠤ ᠡᠪᠳᠡᠷᠡᠭᠰᠡᠨ ᠦᠵᠡᠭᠳᠡᠯ ᠣᠷᠣᠰᠢᠵᠤ ᠪᠠᠶᠢᠬᠤ ᠡᠰᠡᠬᠦ᠂ ᠵᠢᠴᠢ ᠰᠢᠲᠠᠮᠠᠬᠠᠶ ᠬᠡᠶ ᠶᠢᠨ ᠤᠰᠤ ᠬᠠᠯᠠᠭᠠᠭᠤᠷ ᠢ ᠤᠭᠰᠠᠷᠠᠵᠤ ᠬᠡᠷᠡᠭᠯᠡᠭᠰᠡᠨ ᠨᠢ ᠵᠢᠷᠤᠮᠵᠢᠭᠤᠨ ᠪᠠᠶᠢᠬᠤ ᠡᠰᠡᠬᠦ ᠵᠡᠷᠭᠡ ᠠᠰᠠᠭᠤᠳᠠᠯ ᠪᠠᠭᠲᠠᠨ᠎ᠠ᠃ { ᠤᠳᠠᠭ᠎ᠠ ᠶᠢᠨ ᠨᠢᠭᠡ ᠵᠢᠯ ᠤᠨ ᠲᠤᠷᠰᠢᠬᠢ ᠨᠡᠭᠦᠷᠡᠰᠦᠨ ᠬᠡᠶ ᠶᠢᠨ ᠲᠣᠨᠤᠭ ᠲᠥᠬᠦᠭᠡᠷᠦᠮᠵᠢ ᠶᠢ ᠨᠠᠷᠢᠨ ᠨᠢᠮᠪᠠᠶ ᠪᠠᠶᠢᠴᠠᠭᠠᠵᠠᠶ᠂ ᠡᠭᠦᠨ ᠳᠤ ᠨᠡᠭᠦᠷᠡᠰᠦᠨ ᠬᠡᠶ ᠶᠢᠨ ᠰᠠᠪᠠ ᠶᠢᠨ ᠬᠡᠷᠡᠭᠯᠡᠭᠰᠡᠨ ᠵᠢᠯ ᠬᠤᠭᠤᠴᠠᠭ᠎ᠠ᠂ ᠨᠡᠭᠡᠯᠡᠬᠡᠶ ᠪᠣᠯᠤᠨ ᠭᠤᠮ ᠬᠤᠭᠤᠯᠠᠶ ᠶᠢᠨ ᠵᠠᠯᠭᠠᠯᠳᠤᠭᠰᠠᠨ ᠪᠠᠶᠢᠳᠠᠯ᠂ ᠭᠤᠮ ᠬᠤᠭᠤᠯᠠᠶ ᠨᠢ ᠬᠠᠭᠤᠴᠢᠷᠠᠵᠤ ᠡᠪᠳᠡᠷᠡᠭᠰᠡᠨ ᠪᠠᠶᠢᠳᠠᠯ ᠣᠷᠣᠰᠢᠵᠤ ᠪᠠᠶᠢᠬᠤ ᠡᠰᠡᠬᠦ᠂ ᠵᠢᠴᠢ ᠰᠢᠲᠠᠮᠠᠬᠠᠶ ᠬᠡᠶ ᠶᠢᠨ ᠤᠰᠤ ᠬᠠᠯᠠᠭᠠᠭᠤᠷ ᠢ ᠤᠭᠰᠠᠷᠠᠵᠤ ᠬᠡᠷᠡᠭᠯᠡᠭᠰᠡᠨ ᠨᠢ ᠵᠢᠷᠤᠮᠵᠢᠭᠤᠨ ᠪᠠᠶᠢᠬᠤ ᠡᠰᠡᠬᠦ ᠵᠡᠷᠭᠡ ᠠᠰᠠᠭᠤᠳᠠᠯ ᠪᠠᠭᠲᠠᠨ᠎ᠠ᠃ ᠡᠭᠦᠨ ᠤ ᠬᠠᠮᠲᠤ᠂ ᠠᠵᠢᠯᠲᠠᠳ ᠰᠠᠭᠤᠭᠠᠯᠢ ᠠᠷᠠᠳ ᠲᠤ ᠬᠡᠷ ᠳᠣᠲᠣᠷᠠᠬᠢ ᠰᠠᠯᠬᠢ ᠵᠢᠪᠠᠷ ᠨᠡᠪᠲᠡᠷᠡᠭᠦᠯᠬᠦ ᠶᠢ ᠪᠠᠲᠤᠯᠠᠬᠤ᠂ ᠨᠡᠭᠡᠯᠡᠬᠡᠶ ᠶᠢ ᠵᠥᠪ ᠬᠠᠭᠠᠬᠤ᠂ ᠨᠡᠭᠦᠷᠡᠰᠦᠨ ᠬᠡᠶ ᠯᠡᠪᠡᠷᠡᠭᠰᠡᠨ ᠪᠠᠶᠢᠳᠠᠯ ᠢ ᠬᠡᠷᠬᠢᠨ ᠢᠯᠭᠠᠨ ᠲᠠᠨᠢᠬᠤ ᠵᠡᠷᠭᠡ ᠠᠮᠤᠷ ᠲᠦᠪᠰᠢᠨ ᠢᠶᠠᠷ ᠬᠡᠶ ᠬᠡᠷᠡᠭᠯᠡᠬᠦ ᠶᠡᠷᠦ ᠶᠢᠨ ᠮᠡᠳᠡᠯᠭᠡ ᠶᠢ ᠨᠠᠷᠢᠨ ᠲᠠᠶᠢᠯᠪᠤᠷᠢᠯᠠᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠴᠢᠩᠭᠠᠳᠬᠠᠵᠤ᠂ ᠰᠠᠭᠤᠭᠠᠯᠢ ᠠᠷᠠᠳ ᠢ ᠬᠡᠶ ᠬᠡᠷᠡᠭᠯᠡᠬᠦ ᠰᠠᠶᠢᠨ ᠰᠠᠶᠢᠬᠠᠨ ᠳᠠᠳᠬᠠᠯ ᠲᠠᠢ ᠪᠣᠯᠭᠠᠬᠤ ᠪᠠᠷ ᠬᠥᠲᠥᠯᠥᠨ ᠵᠢᠯᠣᠭᠤᠳᠪᠠ᠃       ᠲᠣᠰ ᠤᠳᠠᠭᠠᠨ ᠤ ᠪᠠᠶᠢᠴᠠᠭᠠᠯᠲᠠ ᠶᠢᠨ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠨᠡᠭᠦᠷᠡᠰᠦᠨ ᠬᠡᠶ ᠶᠢᠨ ᠬᠡᠷᠡᠭᠯᠡᠯᠲᠡ ᠶᠢᠨ ᠠᠶᠤᠯᠭᠦᠶ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠢ ᠴᠢᠩᠭᠠᠷᠠᠭᠤᠯᠵᠠᠶ᠃
ᠢᠷᠡᠯᠲᠡ᠄ ᠵᠠᠯᠠᠶᠢᠨᠠᠭᠤᠷ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ