ᠬᠥᠯᠥᠨ ᠪᠤᠶᠢᠷ ᠬᠤᠳᠠ ᠶᠢᠨ ᠵᠠᠯᠠᠶᠢᠨᠠᠭᠤᠷ ᠲᠣᠭᠤᠷᠢᠭ ᠤᠨ ᠵᠠᠰᠠᠭ ᠤᠨ ᠣᠷᠳᠣᠨ 2024 ᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠥᠷᠪᠡᠳᠦᠭᠡᠷ ᠤᠯᠠᠷᠢᠯ ᠤᠨ ᠬᠤᠷᠠᠯ ᠵᠢᠴᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠪᠦᠬᠦ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/30
       2024 ᠣᠨ ᠤ 12 ᠰᠠᠷ᠎ᠠ ᠶᠢᠨ 26 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠩ ᠸᠠᠩ 2024 ᠣᠨ ᠤ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠥᠷᠪᠡᠳᠦᠭᠡᠷ ᠤᠯᠠᠷᠢᠯ ᠤᠨ ᠬᠤᠷᠠᠯ ᠵᠢᠴᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠪᠦᠬᠦ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ ᠪᠣᠯᠣᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠠᠴᠠ ᠡᠮᠦᠨ᠎ᠡ ᠬᠤᠷᠠᠯ ᠳᠤ ᠣᠷᠣᠯᠴᠠᠭᠰᠠᠨ ᠬᠥᠮᠥᠰ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ ᠬᠤᠷᠠᠯ ᠳᠡᠭᠡᠷ᠎ᠡ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠡᠨᠡ ᠡᠪᠦᠯ ᠢᠷᠡᠬᠦ ᠬᠠᠪᠤᠷ ᠤᠨ ᠬᠦᠨᠳᠦ ᠶᠡᠭᠡ ᠠᠳᠡᠯ ᠤᠨ ᠭᠠᠮᠰᠢᠭ ᠤᠨ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠴᠢᠩᠭᠠᠳᠬᠠᠬᠤ ᠲᠤᠬᠠᠢ ᠮᠡᠳᠡᠭᠳᠡᠯ︾ ᠢ ᠤᠯᠠᠮᠵᠢᠯᠠᠵᠤ᠂ ᠬᠥᠯᠥᠨ ᠪᠤᠶᠢᠷ ᠬᠤᠳᠠ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠵᠢᠴᠢ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠥᠷᠪᠡᠳᠦᠭᠡᠷ ᠤᠯᠠᠷᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠲᠣᠭᠤᠷᠢᠭ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠵᠠᠯᠠᠶᠢᠨᠠᠭᠤᠷ ᠲᠣᠭᠤᠷᠢᠭ ᠤᠨ 2024 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠮᠡᠳᠡᠭᠳᠡᠵᠦ᠂ ᠳᠠᠷᠠᠭᠠᠴᠢ ᠶᠢᠨ ᠠᠯᠬᠤᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠪᠠ᠃ 
ᠢᠷᠡᠯᠲᠡ᠄ ᠵᠠᠯᠠᠶᠢᠨᠠᠭᠤᠷ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ