ᠵᠠᠯᠠᠶᠢᠨᠠᠭᠤᠷ ᠲᠣᠭᠤᠷᠢᠭ ᠤᠨ ᠮᠣᠩᠭᠤᠯ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 2024 ᠣᠨ ᠤ 12 ᠰᠠᠷ᠎ᠠ ᠶᠢᠨ | 26 ᠤ ᠡᠳᠦᠷ᠂ ᠵᠠᠯᠠᠶᠢᠨᠠᠭᠤᠷ ᠲᠣᠭᠤᠷᠢᠭ ᠤᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠪᠣᠯᠣᠨ ᠬᠥᠯᠥᠨ ᠪᠤᠶᠢᠷ ᠬᠤᠲᠠ ᠶᠢᠨ ᠮᠣᠩᠭᠤᠯ ᠡᠮᠨᠡᠯᠭᠡ ᠶᠢᠨ ᠬᠤᠷᠢᠶ᠎ᠠ | ᠬᠥᠯᠥᠨ ᠪᠤᠶᠢᠷ ᠬᠤᠲᠠ ᠶᠢᠨ ᠮᠣᠩᠭᠤᠯ ᠡᠮᠨᠡᠯᠭᠡ ᠶᠢᠨ ᠪᠦᠯᠦᠭᠯᠡᠯ ᠳᠤ ᠣᠷᠣᠬᠤ ᠬᠡᠯᠡᠯᠴᠡᠭᠡᠷ ᠤᠨ ᠪᠢᠴᠢᠭ ᠲᠤ ᠵᠢᠩᠬᠢᠨᠢ ᠪᠠᠷ ᠭᠠᠷ ᠤᠨ ᠥᠰᠥᠭ ᠵᠢᠷᠤᠵᠤ᠂ | ᠵᠠᠯᠠᠶᠢᠨᠠᠭᠤᠷ ᠲᠣᠭᠤᠷᠢᠭ ᠤᠨ ᠮᠣᠩᠭᠤᠯ ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠨᠡᠭᠡᠭᠡᠭᠰᠡᠨ ᠪᠠᠶᠢᠨ᠎ᠠ᠃ | | | | ᠮᠣᠩᠭᠤᠯ ᠡᠮᠴᠢᠯᠡᠭᠡᠨ ᠤ ᠪᠦᠯᠦᠭᠯᠡᠯ ᠳᠤ ᠣᠷᠣᠬᠤ ᠪᠠᠷ ᠳᠡᠮᠵᠢᠨ ᠵᠠᠯᠠᠶᠢᠨᠠᠭᠤᠷ ᠲᠣᠭᠤᠷᠢᠭ ᠤᠨ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠴᠢᠨᠠᠷ | ᠰᠠᠶᠢᠲᠠᠢ ᠥᠨᠳᠥᠷ ᠦᠷ᠎ᠡ ᠪᠦᠲᠦᠮᠵᠢᠲᠡᠶ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠳᠤ ᠲᠤᠰᠠ ᠲᠠᠢ ᠪᠥᠭᠡᠳ ᠲᠣᠰ ᠭᠠᠵᠠᠷ ᠣᠷᠣᠨ ᠤ | ᠥᠷᠭᠡᠨ ᠣᠯᠠᠨ ᠲᠦᠮᠡᠨ ᠳᠤ ᠨᠠᠩ ᠲᠤᠰᠬᠠᠢ ᠮᠡᠷᠭᠡᠵᠢᠯ ᠤᠨ᠂ ᠳᠥᠭᠦᠮ ᠳᠥᠲᠡ ᠮᠣᠩᠭᠤᠯ ᠡᠮᠴᠢᠯᠡᠭᠡᠨᠦ ᠣᠨᠴᠠᠯᠢᠭᠲᠤ ᠡᠮᠴᠢᠯᠡᠭᠡᠨ ᠤ ᠦᠢᠯᠡᠴᠢᠯᠡᠭᠡ | ᠬᠠᠩᠭᠠᠬᠤ ᠶᠢᠨ ᠬᠠᠮᠲᠤ ᠲᠣᠰ ᠭᠠᠵᠠᠷ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ | ᠢᠳᠡᠪᠬᠢᠲᠡᠢ ᠬᠤᠪᠢ ᠨᠡᠮᠡᠷᠢ ᠦᠵᠡᠭᠦᠯᠬᠦ ᠪᠣᠯᠣᠨ᠎ᠠ᠃ |