2025 ᠣᠨ ᠤ ᠪᠥᠬᠦ ᠤᠯᠤᠰ ᠤᠨ ᠬᠤᠶᠠᠷ ᠬᠤᠷᠠᠯ ᠢ ᠬᠤᠷᠠᠯᠳᠤᠭᠤᠯᠬᠤ ᠡᠳᠦᠷ ᠲᠣᠭᠲᠠᠯ᠎ᠠ
ᠨᠡᠶᠢᠲᠡᠯᠡᠭᠰᠡᠨ ᠴᠠᠭ᠄
2024/12/31
       ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠢᠶᠠᠷ 12 ᠳ᠋ᠤᠭᠠᠷ ᠰᠠᠷ᠎ᠠ ᠶᠢᠨ 25 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠢ ᠬᠤᠷᠠᠯᠳᠤᠭᠤᠯᠬᠤ ᠲᠤᠬᠠᠢ ᠲᠣᠭᠲᠠᠭᠠᠯ ᠢ ᠪᠠᠲᠤᠯᠠᠪᠠ᠃ ᠲᠣᠭᠲᠠᠭᠠᠯ ᠢ ᠦᠨᠳᠦᠰᠦᠯᠡᠪᠡᠯ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠢ 2025 ᠣᠨ ᠤ 3 ᠳ᠋ᠤᠭᠠᠷ ᠰᠠᠷ᠎ᠠ ᠶᠢᠨ 5 ᠤ ᠡᠳᠦᠷ ᠪᠡᠭᠡᠵᠢᠩ ᠳᠤ ᠬᠤᠷᠠᠯᠳᠤᠭᠤᠯᠤᠨ᠎ᠠ ᠃    
2024-12-31-3-1.jpg
        ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠬᠤᠷᠢᠶ᠎ᠠ ᠲᠦᠷᠦᠭᠦᠬᠡᠨ ᠲᠡᠷᠢᠭᠦᠯᠡᠭᠴᠢᠳ ᠤᠨ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠢ 2025 ᠣᠨ ᠤ 3 ᠳ᠋ᠤᠭᠠᠷ ᠰᠠᠷ᠎ᠠ ᠶᠢᠨ 4 ᠤ ᠡᠳᠦᠷ ᠪᠡᠭᠡᠵᠢᠩ ᠳᠤ ᠬᠤᠷᠠᠯᠳᠤᠭᠤᠯᠬᠤ ᠪᠠᠷ ᠰᠠᠨᠠᠭᠤᠯᠪᠠ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠤᠷᠳᠤᠨ