ᠰᠢᠯᠢ ᠶᠢᠨ ᠭᠤᠣᠯ ᠠᠶᠢᠮᠠᠭ ᠤᠨ ᠱᠧᠩ ᠯᠢ ᠠᠴᠠ ᠵᠠᠩᠪᠸᠢ ᠳᠤ ᠬᠦᠷᠭᠡᠬᠦ 1000 ᠺᠢᠯᠤᠸᠤᠯᠲ ᠤᠨ ᠣᠨᠴᠠ ᠦᠨᠳᠦᠷ ᠬᠦᠴᠦᠳᠡᠯᠳᠣ ᠬᠤᠪᠢᠰᠣᠮᠠᠯ ᠴᠠᠬᠢᠯᠭᠠᠨ ᠤ ᠢᠨᠵᠧᠨᠧᠷᠢᠩ ᠵᠢᠩᠬᠢᠨᠢ ᠪᠠᠷ ᠠᠰᠢᠭᠯᠠᠯᠳᠠ ᠳᠤ ᠣᠷᠣᠪᠠ
ᠨᠡᠶᠢᠲᠡᠯᠡᠭᠰᠡᠨ ᠴᠠᠭ᠄
2024/12/5
       10 ᠳ᠋ᠤᠭᠠᠷ ᠰᠠᠷ᠎ᠠ ᠶᠢᠨ 31 ᠤ ᠡᠳᠦᠷ ᠰᠢᠯᠢ ᠶᠢᠨ ᠭᠤᠤᠯ ᠠᠶᠢᠮᠠᠭ ᠤᠨ ᠱᠧᠩ ᠯᠢ ᠠᠴᠠ ᠵᠠᠩᠪᠸᠢ ᠳᠤ ᠬᠦᠷᠭᠡᠬᠦ 1000 ᠺᠢᠯᠣᠸᠣᠯᠲ ᠤᠨ ᠣᠨᠴᠠ ᠥᠨᠳᠥᠷ ᠬᠦᠴᠦᠳᠡᠯᠲᠦ ᠬᠤᠪᠢᠰᠣᠮᠠᠯ ᠴᠠᠬᠢᠯᠭᠠᠨ ᠤ ᠢᠨᠵᠧᠨᠧᠷᠢᠩ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠲᠣᠰ ᠢᠨᠵᠧᠨᠧᠷᠢᠩ ᠪᠣᠯ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠴᠠᠬᠢᠯᠭᠠᠨ ᠬᠦᠴᠦᠨ ᠤ ᠲᠥᠯᠥᠪᠵᠢᠭᠦᠯᠭᠡ ᠶᠢᠨ ᠭᠤᠤᠯᠳᠠᠯᠭ᠎ᠠ ᠪᠣᠯᠬᠤ ᠢᠨᠵᠧᠨᠧᠷᠢᠩ ᠪᠥᠭᠡᠳ ᠪᠠᠰᠠ ᠴᠤ ᠮᠠᠨ ᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠩᠬᠠᠳᠠᠭᠴᠢ ᠬᠢᠨᠠᠨ ᠵᠦᠪᠰᠢᠶᠡᠷᠡᠭᠳᠡᠭᠰᠡᠨ᠂ ᠠᠩᠬᠠᠳᠠᠭᠴᠢ ᠠᠵᠢᠯ ᠡᠬᠢᠯᠡᠭᠦᠯᠦᠭᠰᠡᠨ᠂ ᠠᠩᠬᠠᠳᠠᠭᠴᠢ ᠠᠰᠢᠭᠯᠠᠯᠲᠠ ᠳᠤ ᠣᠷᠣᠭᠰᠠᠨ ᠣᠨᠴᠠ ᠥᠨᠳᠥᠷ ᠬᠦᠴᠦᠳᠡᠯᠲᠦ ᠴᠠᠬᠢᠯᠭᠠᠨ ᠤ ᠨᠡᠪᠲᠡᠷᠡᠬᠦ ᠱᠣᠭᠤᠮ ᠪᠣᠯᠤᠨ᠎ᠠ᠂ ᠡᠨᠡ ᠨᠢ ᠰᠢᠯᠢ ᠶᠢᠨ ᠭᠤᠤᠯ ᠠᠶᠢᠮᠠᠭ ᠤᠨ ᠭᠤᠷᠪᠠᠳᠠᠬᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠣᠨᠴᠠ ᠥᠨᠳᠥᠷ ᠬᠦᠴᠦᠳᠡᠯᠲᠦ ᠴᠠᠬᠢᠯᠭᠠᠨ ᠤ ᠨᠡᠪᠲᠡᠷᠡᠬᠦ ᠱᠣᠭᠤᠮ ᠪᠠᠶᠢᠵᠤ᠂ ᠣᠣᠯ ᠤᠨ ︽ᠨᠢᠭᠡ ᠬᠤᠪᠢᠰᠤᠮᠠᠯ ᠭᠦᠶᠦᠳᠡᠯᠲᠦ ᠴᠠᠬᠢᠯᠭᠠᠨ ᠪᠠ ᠨᠢᠭᠡ ᠬᠤᠪᠢᠶᠠᠷᠢ ᠭᠦᠶᠦᠳᠡᠯᠲᠦ ᠴᠠᠬᠢᠯᠭᠠᠨ︾ ᠣᠨᠴᠠ ᠥᠨᠳᠥᠷ ᠬᠦᠴᠦᠳᠡᠯᠲᠦ ᠭᠤᠣᠯ ᠪᠣᠯᠬᠤ ᠲᠣᠣᠷ ᠤᠨ ᠪᠦᠲᠦᠴᠡ ᠶᠢ ︽ᠬᠤᠶᠠᠷ ᠬᠤᠪᠢᠰᠤᠮᠠᠯ ᠭᠦᠶᠦᠳᠡᠯᠲᠦ ᠴᠠᠬᠢᠯᠭᠠᠨ ᠪᠠ ᠨᠢᠭᠡ ᠬᠤᠪᠢᠶᠠᠷᠢ ᠭᠦᠶᠦᠳᠡᠯᠲᠦ ᠴᠠᠬᠢᠯᠭᠠᠨ︾ ᠪᠣᠯᠭᠠᠵᠤ ᠴᠢᠩᠭᠠᠷᠠᠭᠤᠯᠪᠠ᠃ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠤᠯᠲᠠ 67.9 ᠳ᠋ᠦᠩᠰᠢᠭᠤᠷ ᠲᠥᠭᠦᠷᠢᠭ ᠲᠤ ᠬᠦᠷᠴᠦ᠂ ᠱᠧᠩ ᠯᠢ᠂ ᠳᠤᠯᠤᠨ ᠨᠠᠭᠤᠷ᠂ ᠵᠠᠩᠪᠸᠢ ᠶᠢᠨ 3 ᠰᠠᠭᠤᠷᠢ 1000 ᠺᠢᠯᠤᠸᠤᠯᠲ ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠬᠤᠪᠢᠰᠬᠠᠬᠤ ᠦᠷᠳᠡᠭᠡ ᠶᠢ ᠥᠷᠭᠡᠳᠬᠡᠨ ᠪᠠᠶᠢᠭᠤᠯᠵᠤ᠂ 1000 ᠺᠢᠯᠤᠸᠤᠯᠲ ᠤᠨ ᠬᠤᠣᠰ ᠪᠤᠴᠠᠯᠲᠠ ᠶᠢᠨ ᠴᠠᠬᠢᠯᠭᠠᠨ ᠳᠠᠮᠵᠢᠭᠤᠯᠬᠤ ᠱᠤᠭᠤᠮ ᠢ 366 ᠺᠢᠯᠤᠮᠧᠳ᠋ᠷ ᠰᠢᠨ᠎ᠡ ᠪᠠᠷ ᠪᠠᠶᠢᠭᠤᠯᠪᠠ᠃ ᠢᠨᠵᠧᠨᠧᠷᠢᠩ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠪᠦᠷᠢ ᠪᠡᠭᠡᠵᠢᠩ ᠲᠢᠶᠠᠨᠵᠢᠨ ᠾᠧᠪᠧᠶ ᠵᠡᠷᠭᠡ ᠭᠠᠵᠠᠷ ᠣᠷᠣᠨ ᠳᠤ ᠬᠦᠷᠭᠡᠬᠦ ᠴᠠᠬᠢᠯᠭᠠᠨ ᠤ ᠬᠡᠮᠵᠢᠶ᠎ᠡ ᠨᠢ 150 ᠳ᠋ᠦᠩᠰᠢᠭᠤᠷ ᠭᠷᠠᠳᠦ᠋ᠰ ︵470 ᠲᠦᠮᠡᠨ ᠡᠷᠦᠬᠡ ᠭᠡᠷ ᠪᠦᠯᠢ ᠶᠢᠨ ᠨᠢᠭᠡ ᠵᠢᠯ ᠤᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠬᠡᠮᠵᠢᠶ᠎ᠡ ᠲᠠᠢ ᠲᠡᠩᠴᠡᠨ᠎ᠡ︶ ᠪᠣᠯᠤᠨ᠎ᠠ᠃ ︵ᠰᠢᠯᠢ ᠶᠢᠨ ᠭᠤᠣᠯ ᠠᠶᠢᠮᠠᠭ ᠤᠨ ᠵᠠᠬᠢᠷᠭ᠎ᠠ᠂ ᠣᠯᠣᠰ ᠤᠨ ᠴᠠᠬᠢᠯᠭᠠᠨ ᠬᠦᠴᠦᠨ ᠤ ᠲᠣᠣᠷ ᠤᠨ ᠦᠪᠦᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠤᠷᠳᠤᠨ