| | | | ︽ᠥᠪᠥᠷ ᠮᠣᠩᠭᠤᠯ ᠤᠨ ᠡᠳᠦᠷ ᠤᠨ ᠰᠣᠨᠢᠨ︾ ︵2024 ᠣᠨ ᠤ 12 ᠳ᠋ᠤᠭᠠᠷ ᠰᠠᠷ᠎ᠠ ᠶᠢᠨ 2 ᠤᠨ ᠡᠳᠦᠷ ᠤᠨ ᠬᠡᠪᠯᠡᠯ ᠤᠨ 1 ᠳ᠋ᠦ᠋ᠭᠡᠷ ᠨᠢᠭᠤᠷ︶᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ᠂ ᠥᠪᠥᠷ ᠮᠣᠩᠭᠤᠯ ᠨᠢᠭᠡᠨᠲᠡ 2025 ᠣᠨ ᠤ ᠲᠠᠷᠢᠶᠠᠯᠠᠩ ᠮᠠᠯ ᠠᠵᠤ ᠠᠬᠤᠢ ᠶᠢᠨ | ᠬᠦᠷᠢᠶᠡᠨ ᠳᠠᠬᠢ ᠲᠥᠪ ᠤᠨ ᠡᠳ᠋ ᠤᠨ ᠵᠠᠰᠠᠭ ᠤᠨ ᠰᠢᠯᠵᠢᠭᠦᠯᠦᠨ ᠥᠭᠬᠦ ᠪᠡᠯᠡ ᠮᠥᠩᠭᠦ ᠶᠢ ᠨᠡᠶᠢᠲᠡ 99.76 ᠳ᠋ᠦᠩᠰᠢᠭᠤᠷ ᠲᠥᠭᠦᠷᠢᠭ ᠴᠢᠷᠮᠠᠶᠢᠨ ᠣᠯᠪᠠ᠃ | ᠡᠭᠦᠨ ᠳᠤ᠂ ᠲᠠᠷᠢᠶᠠᠯᠠᠬᠤ ᠭᠠᠵᠠᠷ ᠤᠨ ᠪᠦᠲᠦᠭᠡᠨ ᠪᠠᠶᠢᠭᠤᠯᠤᠯᠲᠠ ᠪᠠ ᠠᠰᠢᠭᠯᠠᠯᠲᠠ ᠶᠢᠨ ᠪᠡᠯᠡ ᠮᠥᠩᠭᠦ 59.78 ᠳ᠋ᠦᠩᠰᠢᠭᠤᠷ ᠲᠥᠭᠦᠷᠢᠭ᠂ ᠲᠠᠷᠢᠶᠠᠯᠠᠩ ᠤᠨ | ᠠᠵᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ 21.78 ᠳ᠋ᠦᠩᠰᠢᠭᠤᠷ ᠲᠥᠭᠦᠷᠢᠭ᠂ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠪᠡᠯᠡ ᠮᠥᠩᠭᠦ 11.12 ᠳ᠋ᠦᠩᠰᠢᠭᠤᠷ ᠲᠥᠭᠦᠷᠢᠭ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠤᠰᠤᠨ | ᠠᠰᠢᠭᠯᠠᠯᠲᠠ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ︵ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠪᠦᠷᠢ︶ 3.2 ᠳ᠋ᠦᠩᠰᠢᠭᠤᠷ ᠲᠥᠭᠦᠷᠢᠭ᠂ ᠲᠠᠷᠢᠶᠠᠯᠠᠩ ᠤᠨ | ᠠᠮᠢ ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠪᠡᠯᠡ ᠮᠥᠩᠭᠦ 2.69 ᠳ᠋ᠦᠩᠰᠢᠭᠤᠷ ᠲᠥᠭᠦᠷᠢᠭ᠂ ᠠᠮᠤ ᠳᠤᠰᠤᠨ ᠤ ᠦᠢᠯᠡᠳᠪᠦᠷᠢᠯᠡᠯ ᠤᠨ | ᠪᠠᠲᠤᠯᠠᠭ᠎ᠠ ᠶᠢᠨ ᠪᠡᠯᠡ ᠮᠥᠩᠭᠦ 1.19 ᠳ᠋ᠦᠩᠰᠢᠭᠤᠷ ᠲᠥᠭᠦᠷᠢᠭ ᠪᠠᠶᠢᠵᠤ᠂ ᠭᠤᠣᠯᠳᠠᠭᠤ ᠲᠠᠷᠢᠶᠠᠯᠠᠬᠤ ᠭᠠᠵᠠᠷ ᠤᠨ ᠬᠥᠷᠥᠰᠥ ᠰᠢᠷᠣᠢ ᠶᠢᠨ ᠬᠠᠮᠠᠭᠠᠯᠠᠯᠲᠠ ᠶᠢᠨ | ᠨᠥᠬᠦᠪᠦᠷᠢ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ | ᠠᠭᠤᠰᠤᠯᠴᠠᠭᠤᠯᠤᠨ ᠬᠥᠭᠵᠢᠭᠦᠯᠬᠦ᠂ ᠲᠠᠷᠢᠮᠠᠯ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ᠂ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ | ᠬᠡᠷᠡᠭᠯᠡᠵᠦ ᠡᠭᠡᠭᠦᠯᠦᠨ ᠬᠤᠷᠢᠶᠠᠬᠤ ᠵᠡᠷᠭᠡ ᠲᠠᠯ᠎ᠠ ᠳᠤ ᠬᠡᠷᠡᠭᠯᠡᠨ᠎ᠡ᠃ ᠤᠯᠤᠰ ᠤᠨ ᠴᠢᠬᠤᠯᠠ ᠮᠠᠯ ᠲᠠᠷᠢᠶᠠᠯᠠᠩ ᠤᠨ ᠭᠠᠷᠤᠯᠲᠠ ᠶᠢᠨ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠪᠦᠲᠦᠭᠡᠨ ᠪᠠᠶᠢᠭᠤᠯᠬᠤ ᠪᠣᠯ ᠥᠪᠥᠷ ᠮᠣᠩᠭᠤᠯ ᠤᠨ ᠮᠠᠯ ᠲᠠᠷᠢᠶᠠᠯᠠᠩ ᠤᠨ ᠭᠠᠷᠤᠯᠲᠠ ᠶᠢᠨ ᠶᠡᠭᠡ ᠣᠷᠣᠨ ᠠᠴᠠ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠬᠦᠴᠦᠷᠬᠡᠭ ᠣᠷᠣᠨ ᠲᠡᠶᠢᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ ᠪᠣᠯᠣᠨ᠎ᠠ᠃ | ᠥᠪᠥᠷ ᠮᠣᠩᠭᠤᠯ ᠤᠯᠤᠰ ᠤᠨ ᠴᠢᠬᠤᠯᠠ ᠮᠠᠯ ᠲᠠᠷᠢᠶᠠᠯᠠᠩ ᠤᠨ ᠭᠠᠷᠤᠯᠲᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠡᠭᠦᠷᠭᠡ ᠶᠢᠨ | ᠲᠠᠯ᠎ᠠ ᠪᠠᠷ ᠦᠷᠭᠦᠯᠵᠢᠯᠡᠨ ᠬᠦᠴᠦᠯᠡᠵᠦ᠂ ᠲᠥᠪ ᠤᠨ ᠡᠳ᠋ ᠤᠨ ᠵᠠᠰᠠᠭ ᠠᠴᠠ ᠲᠠᠷᠢᠶᠠᠯᠠᠩ ᠤᠨ ᠬᠠᠮᠢᠶ᠎ᠠ ᠪᠦᠬᠦᠢ ᠰᠢᠯᠵᠢᠭᠦᠯᠦᠨ ᠥᠭᠬᠦ᠂ ᠲᠥᠰᠥᠪ ᠤᠨ ᠳᠣᠲᠣᠷᠠᠬᠢ | ᠪᠡᠯᠡ ᠣᠷᠣᠭᠤᠯᠤᠯᠲᠠ᠂ ᠤᠯᠤᠰ ᠤᠨ ᠬᠡᠳᠦ ᠣᠷᠳᠣ ᠬᠤᠭᠤᠴᠠᠭᠠᠲᠤ ᠣᠨᠴᠠᠭᠠᠢ ᠵᠢᠭᠡᠯᠡᠯᠭᠡ ᠵᠡᠷᠭᠡ ᠡᠯ᠎ᠡ ᠠᠷᠭ᠎ᠠ ᠵᠠᠮ ᠤᠨ ᠪᠡᠯᠡ ᠮᠥᠩᠭᠦ ᠶᠢᠨ ᠳᠡᠮᠵᠢᠯᠭᠡ ᠶᠢ | ᠣᠯᠬᠤ ᠪᠠᠷ ᠢᠳᠡᠪᠬᠢᠲᠡᠢ ᠴᠢᠷᠮᠠᠶᠢᠵᠤ᠂ ᠠᠯᠲᠠ ᠮᠥᠩᠭᠦ ᠮᠡᠲᠦ ᠦᠨᠡᠲᠡᠢ ᠪᠡᠯᠡ ᠮᠥᠩᠭᠦᠨ ᠤ ᠳᠡᠮᠵᠢᠯᠭᠡ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠠ | ᠴᠢᠬᠤᠯᠠ ᠮᠠᠯ ᠲᠠᠷᠢᠶᠠᠯᠠᠩ ᠤᠨ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠪᠡ᠃ | ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠬᠢᠨ ᠬᠠᠮᠢᠶ᠎ᠠ ᠪᠦᠬᠦᠢ ᠪᠡᠯᠡ ᠮᠥᠩᠭᠦᠨ ᠤ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠵᠢᠷᠤᠮᠯᠠᠨ᠂ ᠲᠥᠰᠥᠪ ᠤᠨ ᠬᠡᠷᠡᠭᠵᠢᠭᠦᠯᠦᠯᠲᠡ ᠶᠢ | ᠲᠦᠷᠭᠡᠳᠬᠡᠵᠦ᠂ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠨᠥᠬᠦᠪᠦᠷᠢ ᠣᠯᠭᠤᠬᠤ ᠨᠠᠷᠢᠯᠢᠭ ᠣᠨᠣᠪᠴᠢᠲᠤ ᠴᠢᠨᠠᠷ᠂ ᠴᠠᠭ ᠲᠤᠬᠠᠶᠢᠲᠤ | ᠴᠢᠨᠠᠷ ᠢ ᠳᠡᠭᠡᠭᠰᠢᠯᠡᠭᠦᠯᠵᠦ᠂ ᠬᠢᠵᠠᠭᠠᠷᠲᠠᠢ ᠪᠡᠯᠡ ᠮᠥᠩᠭᠦ ᠶᠢ ᠬᠥᠭᠵᠢᠯᠲᠡ ᠶᠢᠨ ᠴᠢᠬᠤᠯᠠ ᠭᠠᠵᠠᠷ᠂ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡ ᠳᠡᠭᠡᠷ᠎ᠡ | ᠬᠡᠷᠡᠭᠯᠡᠬᠦ ᠶᠢ ᠦᠨᠡᠨ ᠬᠦ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ | ᠬᠥᠳᠡᠭᠡ ᠲᠤᠰᠬᠤᠨ ᠮᠠᠯᠵᠢᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃ | | |