ᠭᠤᠷᠪᠠᠳᠤᠭᠠᠷ ᠬᠤᠭᠤᠴᠠᠭᠠᠨ ᠤ ᠫᠥᠸᠧ ᠶᠠᠩ ᠬᠤ᠋ ᠨᠠᠭᠤᠷ ᠤᠨ ᠣᠯᠠᠨ ᠤᠯᠤᠰ ᠤᠨ ᠰᠢᠪᠠᠭᠤ ᠰᠣᠨᠢᠷᠬᠠᠬᠤ ᠤᠯᠠᠷᠢᠯ ᠤᠨ ᠠᠵᠢᠯᠯᠠᠭ᠎ᠠ ᠶᠢᠨ ᠨᠢᠭᠡ | ᠪᠣᠯᠤᠭᠰᠠᠨ ᠤ ᠬᠤᠪᠢ ᠳᠤ᠂ ᠳᠤᠮᠳᠠᠳᠤ ᠣᠷᠣᠰ ᠮᠣᠩᠭᠤᠯ ᠤᠨ ᠴᠠᠭᠠᠨ ᠲᠣᠭᠤᠷᠤᠤ ᠶᠢ ᠬᠠᠮᠠᠭᠠᠯᠠᠬᠤ ᠪᠠ ᠦᠢᠯᠡᠳᠦᠯᠭᠡᠵᠢᠭᠦᠯᠬᠦ ᠣᠯᠠᠨ ᠤᠯᠤᠰ ᠤᠨ ᠰᠣᠯᠢᠯᠴᠠᠭᠠᠨ ᠤ | ᠠᠵᠢᠯᠯᠠᠭ᠎ᠠ 10 ᠤ ᠡᠳᠦᠷ ᠤᠨ ᠦᠳᠡ ᠶᠢᠨ ᠬᠤᠶᠢᠨ᠎ᠠ ︽ᠳᠤᠮᠳᠠᠳᠤ ᠤᠯᠤᠰ ᠤᠨ ᠨᠡᠭᠦᠳᠡᠯ ᠤᠨ ᠰᠢᠪᠠᠭᠤᠨ ᠤ ᠵᠢᠵᠢᠭ ᠪᠠᠯᠭᠠᠰᠤ︾ ᠪᠤᠯᠬᠤ ᠵᠢᠶᠠᠩᠰᠢ ᠮᠤᠵᠢ ᠶᠢᠨ | ᠵᠢᠦᠵᠢᠶᠠᠩ ᠬᠤᠲᠠ ᠶᠢᠨ ᠶᠦᠩ ᠰᠢᠤ ᠰᠢᠶᠠᠨ ᠤ ᠦ᠋ ᠴᠧᠩ ᠪᠠᠯᠭᠠᠰᠤᠨ ᠳᠤ ᠶᠠᠪᠤᠭᠳᠠᠪᠠ᠃ | ︽ᠫᠥᠸᠧ ᠶᠠᠩ ᠬᠤ᠋ ᠨᠠᠭᠤᠷ ᠪᠣᠯ ᠳᠤᠮᠳᠠᠳᠤ ᠤᠯᠤᠰ ᠤᠨ ᠬᠠᠮᠤᠭ ᠤᠨ ᠶᠡᠭᠡ ᠴᠡᠩᠭᠡᠭ ᠨᠠᠭᠤᠷ ᠮᠥᠨ᠂ ᠪᠠᠰᠠ ᠴᠤ ᠵᠡᠭᠦᠨ ᠠᠽᠢᠶᠠᠡᠴᠠ ᠠᠦ᠋ᠰᠳ᠋ᠷᠠᠯᠢᠶ᠎ᠠ | ᠬᠦᠷᠬᠦ ᠨᠡᠭᠦᠳᠡᠯ ᠤᠨ ᠰᠢᠪᠠᠭᠤᠳ ᠤᠨ ᠠᠮᠠᠷᠠᠬᠤ ᠭᠠᠵᠠᠷ ᠪᠠ ᠡᠪᠦᠯᠵᠢᠬᠦ ᠭᠠᠵᠠᠷ ᠮᠥᠨ︾ ᠭᠡᠵᠦ ᠵᠢᠶᠠᠩᠰᠢ ᠮᠤᠵᠢ ᠶᠢᠨ ᠤᠢ ᠰᠢᠭᠤᠢ ᠶᠢᠨ ᠲᠣᠪᠴᠢᠶ᠎ᠠ ᠶᠢᠨ | ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠴᠧᠩ ᠴᠦᠨ ᠵᠢᠢ ᠲᠠᠨᠢᠯᠴᠠᠭᠤᠯᠪᠠ᠃ ᠲᠡᠷᠡ ᠪᠠᠰᠠ᠂ ᠵᠢᠶᠠᠩᠰᠢ ᠮᠤᠵᠢ ᠶᠢᠨ ᠬᠢᠨ ᠤᠤᠯ ᠤᠨ ᠬᠢ ᠲᠠᠢ ᠪᠠᠨ | ᠠᠳᠠᠯᠢ ᠪᠠᠷ ᠨᠡᠭᠦᠳᠡᠯ ᠤᠨ ᠰᠢᠪᠠᠭᠤ ᠵᠢᠴᠢ ᠲᠡᠭᠦᠨ ᠤ ᠣᠷᠣᠰᠢᠨ ᠠᠮᠢᠳᠤᠷᠠᠬᠤ ᠭᠠᠵᠠᠷ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠨᠡᠭᠦᠳᠡᠯ ᠤᠨ ᠰᠢᠪᠠᠭᠤ ᠶᠢ | ᠬᠠᠮᠠᠭᠠᠯᠠᠬᠤ ᠤᠯᠤᠰ ᠤᠨ ᠳᠣᠲᠣᠭᠠᠳᠤ ᠭᠠᠳᠠᠭᠠᠳᠤ ᠶᠢᠨ ᠬᠠᠮᠲᠤᠷᠠᠯᠴᠠᠭ᠎ᠠ ᠶᠢ ᠢᠳᠡᠪᠬᠢᠲᠡᠢ ᠥᠷᠭᠡᠳᠬᠡᠵᠦ᠂ ᠪᠦᠭᠦ ᠨᠡᠶᠢᠭᠡᠮ ᠢᠶᠠᠷ ᠢᠶᠠᠨ ᠨᠡᠭᠦᠳᠡᠯ ᠤᠨ ᠰᠢᠪᠠᠭᠤ ᠶᠢ | ᠬᠠᠮᠠᠭᠠᠯᠠᠬᠤ ᠠᠵᠢᠯ ᠳᠤ ᠣᠷᠤᠯᠴᠠᠬᠤ ᠶᠢ ᠥᠷᠭᠡᠨ ᠢᠶᠠᠷ ᠲᠠᠶᠢᠴᠢᠯᠠᠵᠦ᠂ ᠪᠦᠭᠦ ᠪᠥᠮᠪᠥᠷᠴᠡᠭ ᠤᠨ ᠴᠠᠭᠠᠨ ᠲᠣᠭᠤᠷᠤᠤ ᠵᠡᠷᠭᠡ ᠨᠡᠭᠦᠳᠡᠯ ᠤᠨ ᠰᠢᠪᠠᠭᠤ ᠶᠢ | ᠬᠠᠮᠠᠭᠠᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃ | ︽ᠰᠢᠨᠵᠢᠯᠡᠬᠦ ᠤᠬᠠᠭᠠᠨ ᠪᠣᠯᠣᠨ ᠬᠠᠮᠠᠭᠠᠯᠠᠯᠲᠠ ᠶᠢᠨ ᠰᠠᠯᠵᠤ ᠪᠣᠯᠣᠰᠢ ᠦᠭᠡᠢ ᠰᠢᠰᠲ᠋ᠧᠮ ᠢ ᠰᠠᠶᠢᠵᠢᠷᠠᠭᠤᠯᠵᠤ᠂ ᠨᠡᠭᠦᠳᠡᠯ ᠤᠨ ᠰᠢᠪᠠᠭᠤ ᠶᠢᠨ ᠣᠷᠣᠰᠢᠨ | ᠠᠮᠢᠳᠤᠷᠠᠬᠤ ᠳᠤ ᠤᠴᠠᠷᠠᠭᠤᠯᠬᠤ ᠰᠦᠷᠳᠡᠭᠦᠯᠦᠯ ᠢ ᠬᠠᠮᠤᠭ ᠤᠨ ᠳᠣᠣᠷ᠎ᠠ ᠬᠡᠮᠵᠢᠶᠡᠨ ᠳᠤ ᠭᠦᠷᠲᠡᠯ᠎ᠡ ᠪᠠᠭᠤᠷᠠᠭᠤᠯᠬᠤ ᠶᠢᠨ ᠲᠤᠰᠠᠳᠠ ᠡᠯ᠎ᠡ ᠤᠯᠤᠰ ᠬᠠᠮᠵᠢᠯᠴᠠᠭ᠎ᠠ ᠪᠠᠨ | ᠴᠢᠩᠭᠠᠳᠬᠠᠬᠤ ᠬᠡᠷᠡᠭᠲᠡᠢ ᠪᠠᠶᠢᠨ᠎ᠠ︾ ᠭᠡᠵᠦ ᠤᠷᠤᠰ ᠤᠨ ᠺᠠᠲ᠋ᠠᠯᠸᠢᠢᠺ ᠤᠯᠤᠰ ᠤᠨ ᠴᠡᠴᠡᠷᠯᠢᠭ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠰᠺᠷᠢᠫᠦ᠋ᠨᠢᠺ · | ᠠᠯᠧᠺᠰᠠᠨᠳᠧᠷ · ᠭᠸᠤᠯᠵᠢᠶᠥᠸᠢᠴᠢ ᠬᠡᠯᠡᠪᠡ᠃ ᠲᠡᠷᠡ ᠪᠠᠰᠠ ᠤᠷᠤᠰ᠂ ᠳᠤᠮᠳᠠᠳᠤ ᠤᠯᠤᠰ ᠪᠣᠯᠣᠨ ᠮᠣᠩᠭᠤᠯ ᠤᠯᠤᠰ ᠤᠨ ᠵᠠᠯᠠᠭᠤ ᠨᠢᠭᠡ ᠦᠶ᠎ᠡ ᠶᠢᠨ ᠬᠢᠨ | ᠬᠠᠮᠲᠤᠷᠠᠯᠴᠠᠭᠠᠨ ᠤ ᠲᠦᠷᠦᠯ ᠵᠦᠢᠯ ᠤᠨ ᠪᠣᠷᠣ ᠲᠥᠯᠥᠪ ᠤᠨ ᠳᠣᠲᠣᠷ᠎ᠠ ᠬᠠᠮᠵᠢᠯᠴᠠᠨ᠎ᠠ᠂ ᠡᠨᠡᠬᠦ ᠬᠠᠮᠵᠢᠯᠴᠠᠭ᠎ᠠ ᠨᠢ ᠲᠡᠳᠡᠨ ᠢ ᠳᠡᠯᠡᠬᠡᠢ ᠶᠢᠨ ᠪᠥᠮᠪᠥᠷᠴᠡᠭ ᠤᠨ | ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠡᠭᠦᠷᠭᠡ ᠶᠢ ᠡᠭᠦᠷᠭᠡᠯᠡᠵᠦ ᠳᠡᠶᠢᠯᠭᠦ ᠪᠣᠯᠭᠠᠨ᠎ᠠ ᠭᠡᠵᠦ ᠢᠯᠡᠳᠬᠡᠪᠡ᠃ | ᠮᠣᠩᠭᠤᠯ ᠤᠯᠤᠰ ᠤᠨ ᠪᠠᠶᠢᠭᠠᠯᠢ ᠶᠢᠨ ᠣᠷᠴᠢᠨ ᠲᠣᠭᠤᠷᠢᠨ ᠬᠢᠭᠡᠳ ᠵᠢᠭᠤᠯᠴᠢᠯᠠᠯ ᠤᠨ ᠶᠠᠮᠤᠨ ᠤ ᠣᠨᠴᠠᠭᠠᠢ ᠬᠠᠮᠠᠭᠠᠯᠠᠯᠲᠠ ᠶᠢᠨ ᠣᠷᠣᠨ ᠤ ᠲᠦᠷᠦ ᠶᠢᠨ | ᠪᠣᠳᠣᠯᠭ᠎ᠠ ᠶᠢ ᠵᠣᠬᠢᠴᠠᠭᠤᠯᠬᠤ ᠵᠤᠷᠭᠠᠨ ᠤ ᠳᠠᠷᠤᠭ᠎ᠠ ᠮᠥᠩᠬᠡᠵᠠᠶᠠᠭ᠎ᠠ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ᠂ ᠨᠤᠭᠤ ᠭᠠᠵᠠᠷ ᠪᠣᠯᠣᠨ ᠨᠡᠭᠦᠳᠡᠯ | ᠠᠮᠢᠲᠠᠳ ᠤᠨ ᠲᠦᠷᠦᠯ ᠢ ᠬᠠᠮᠠᠭᠠᠯᠠᠬᠤ ᠪᠠᠷ ᠵᠣᠷᠢᠯᠲᠠ ᠪᠤᠯᠭᠠᠬᠰᠠᠨ ᠴᠢᠬᠤᠯᠠ ᠶᠡᠭᠡ ᠤᠯᠠᠨ ᠤᠯᠤᠰ ᠤᠨ ᠲᠥᠯᠥᠪᠯᠡᠭᠡ ᠪᠣᠯᠣᠨ ᠨᠡᠶᠢᠲᠡ ᠶᠢᠨ ᠭᠡᠷ᠎ᠡ ᠳᠤ | ᠣᠷᠣᠯᠴᠠᠬᠰᠠᠨ ᠤᠯᠤᠰ ᠪᠣᠯᠤᠭᠰᠠᠨ ᠤ ᠬᠤᠪᠢ ᠳᠤ᠂ ᠮᠣᠩᠭᠤᠯ ᠤᠯᠤᠰ ᠡᠨᠡ ᠲᠠᠯ᠎ᠠ ᠶᠢᠨ ᠡᠷᠴᠢᠮ ᠢᠶᠠᠨ ᠴᠢᠩᠭᠠᠷᠠᠭᠤᠯᠬᠤ ᠶᠢ ᠨᠡᠩ ᠢᠯᠡᠭᠦᠦ ᠴᠢᠬᠤᠯᠠᠴᠢᠯᠠᠵᠤ | ᠪᠠᠶᠢᠨ᠎ᠠ᠃ ᠨᠡᠭᠦᠳᠡᠯ ᠤᠨ ᠰᠢᠪᠠᠭᠤ ᠶᠢ ᠬᠠᠮᠠᠭᠠᠯᠠᠬᠤ ᠲᠠᠯ᠎ᠠ ᠪᠠᠷ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠪᠠᠨ | ᠬᠠᠷᠢᠯᠴᠠᠨ ᠬᠤᠪᠢᠶᠠᠯᠴᠠᠬᠤ ᠪᠠ ᠲᠤᠷᠰᠢᠯᠭ᠎ᠠ ᠪᠠᠨ ᠰᠣᠯᠢᠯᠴᠠᠬᠤ ᠶᠢᠨ ᠴᠢᠬᠤᠯᠠ ᠴᠢᠨᠠᠷ ᠢ ᠴᠢᠬᠤᠯᠠᠴᠢᠯᠠᠨ᠎ᠠ ᠭᠡᠵᠦ ᠢᠯᠡᠳᠬᠡᠪᠡ᠃ | ᠰᠣᠯᠢᠯᠴᠠᠭᠠᠨ ᠤ ᠠᠵᠢᠯᠯᠠᠭ᠎ᠠ ᠶᠢᠨ ᠳᠤᠮᠳᠠ᠂ ᠳᠤᠮᠳᠠᠳᠤ ᠤᠯᠤᠰ ᠤᠨ ᠵᠢᠶᠠᠩᠰᠢ ᠶᠢᠨ ᠫᠥᠸᠧ ᠶᠠᠩ ᠬᠤ᠋ ᠨᠠᠭᠤᠷ ᠤᠨ ᠤᠯᠤᠰ ᠤᠨ ᠲᠠᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠪᠣᠯᠣᠨ ᠣᠷᠣᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠪᠧᠷᠢᠶ᠎ᠠ ᠶᠢᠨ ᠬᠤᠪᠢᠶᠠᠷᠢ | ᠬᠦᠷᠢᠶᠡᠯᠡᠩ ᠤᠨ ᠬᠥᠯᠳᠡᠭᠦᠦ ᠴᠢᠯᠠᠭᠤᠯᠢᠭ ᠤᠨ ᠠᠮᠢᠳᠤ ᠪᠣᠳᠠᠰ ᠤᠨ ᠠᠰᠠᠭᠤᠳᠠᠯ ᠤᠨ ᠰᠤᠳᠤᠯᠭᠠᠨ ᠤ ᠭᠠᠵᠠᠷ᠂ ᠣᠷᠣᠰ ᠤᠨ ᠠᠷᠯᠤᠰᠠ ᠠᠯᠮᠠᠰ ᠤᠨ ᠠᠭᠤᠷᠬᠠᠢ ᠶᠢᠨ | ᠦᠢᠯᠡᠰ ᠤᠨ ᠬᠢᠵᠠᠭᠠᠷᠲᠤ ᠺᠤᠮᠫᠠᠨᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠳᠤᠮᠳᠠᠳᠤ | ᠤᠯᠤᠰ ᠤᠨ ᠵᠢᠶᠠᠩᠰᠢ ᠶᠢᠨ ᠫᠥᠸᠧ ᠶᠠᠩ ᠬᠤ᠋ ᠨᠠᠭᠤᠷ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ | ᠪᠣᠯᠣᠨ ᠮᠣᠩᠭᠤᠯ ᠤᠯᠤᠰ ᠤᠨ ᠬᠤᠷᠠᠬᠤ — ᠭᠦᠢᠳᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠪᠠ᠃ |