ᠭᠡᠷ ᠪᠦᠯᠢ ᠶᠢᠨ ᠬᠦᠴᠦᠷᠬᠡᠭᠯᠡᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠬᠠᠪᠰᠤᠷᠤᠨ ᠡᠷᠡᠭᠦᠯ | ᠴᠢᠭᠢᠷᠠᠭ᠂ ᠪᠣᠯᠪᠠᠰᠤᠨ ᠤᠷᠤᠭ ᠭᠡᠷ ᠪᠦᠯᠢ ᠶᠢᠨ ᠦᠵᠡᠯᠲᠡ ᠶᠢ ᠪᠣᠶ ᠪᠣᠯᠭᠠᠵᠤ᠂ ᠡᠷᠬᠡ ᠲᠡᠭᠰᠢ᠂ ᠡᠶ᠎ᠡ ᠵᠣᠬᠢᠴᠠᠯ ᠲᠠᠢ᠂ ᠪᠣᠯᠪᠠᠰᠤᠨ ᠤᠷᠤᠭ ᠭᠡᠷ ᠪᠦᠯᠢ ᠶᠢᠨ | ᠬᠠᠷᠢᠴᠠᠭ᠎ᠠ ᠶᠢ ᠤᠯᠠᠮ ᠨᠢᠭᠡ ᠠᠯᠬᠤᠮ ᠬᠠᠮᠠᠭᠠᠯᠠᠬᠤ ᠶᠢᠨ ᠲᠥᠯᠥᠭᠡ᠂ 2024 ᠣᠨ ᠤ 3 ᠰᠠᠷ᠎ᠠ ᠶᠢᠨ 8 ᠤ ᠡᠳᠦᠷ᠂ ᠬᠤᠶᠠᠳᠤᠭᠠᠷ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠵᠣᠣ ᠼᠠᠢ ᠶᠠᠨ ᠣᠯᠠᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ | ᠶᠠᠭᠤ ᠶᠢ ᠬᠡᠷ ᠪᠦᠯᠢ ᠶᠢᠨ ᠬᠦᠴᠦᠷᠬᠡᠭᠯᠡᠯ ᠭᠡᠬᠦ᠂ ᠬᠡᠷ ᠪᠦᠯᠢ ᠶᠢᠨ ᠬᠦᠴᠦᠷᠬᠡᠭᠯᠡᠯ ᠢ ᠬᠡᠷᠬᠢᠨ ᠰᠡᠷᠭᠡᠶᠢᠯᠡᠨ ᠬᠤᠷᠢᠭᠯᠠᠬᠤ ᠲᠤᠬᠠᠶ ᠨᠠᠷᠢᠨ ᠲᠠᠨᠢᠯᠴᠠᠭᠤᠯᠵᠤ᠂ ᠣᠯᠠᠨ | ᠲᠦᠮᠡᠨ ᠤ ᠳᠤᠷᠠᠳᠤᠭᠰᠠᠨ ᠬᠡᠷ ᠪᠦᠯᠢ ᠶᠢᠨ ᠬᠦᠴᠦᠷᠬᠡᠭᠯᠡᠯ᠂ ᠤᠷᠤᠭ ᠤᠨ ᠵᠢᠭᠤᠷᠠᠯᠳᠤᠭᠠᠨ ᠵᠡᠷᠭᠡ ᠠᠰᠠᠭᠤᠳᠠᠯ ᠳᠤ ᠬᠦᠯᠢᠴᠡᠩᠭᠦᠶ ᠪᠠᠷ ᠬᠠᠷᠢᠭᠤᠯᠲᠠ ᠥᠭᠴᠦ᠂ | ᠥᠷᠭᠡᠨ ᠣᠯᠠᠨ ᠡᠮᠡᠭᠲᠡᠶᠢᠴᠦᠳ ᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠵᠡᠪᠰᠡᠭ ᠢᠶᠠᠷ ᠲᠣᠰ ᠪᠡᠶ᠎ᠡ ᠶᠢᠨ ᠬᠠᠤᠯᠢ ᠶᠣᠰᠣᠨ ᠤ ᠡᠷᠬᠡ | ᠠᠰᠢᠭ ᠢᠶᠠᠨ ᠬᠡᠷᠬᠢᠨ ᠬᠠᠮᠠᠭᠠᠯᠠᠬᠤ ᠶᠢ ᠬᠥᠲᠥᠯᠦᠨ ᠵᠢᠯᠣᠭᠤᠳᠪᠠ᠃ | ᠬᠤᠶᠠᠳᠤᠭᠠᠷ ᠵᠡᠭᠡᠯᠢ ᠭᠤᠳᠤᠮᠵᠢ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠰᠢᠷᠢᠰ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠨ᠂ ᠥᠷᠭᠡᠨ ᠣᠯᠠᠨ | ᠲᠦᠮᠡᠨ ᠤ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠥᠪᠡᠷ ᠢ ᠪᠠᠨ ᠬᠠᠮᠠᠭᠠᠯᠠᠬᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠪᠦᠬᠦ ᠨᠡᠶᠢᠭᠡᠮ ᠢᠶᠠᠷ ᠢᠶᠠᠨ | ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ |