ᠬᠦᠯᠦᠨ ᠵᠠᠰᠠᠭ ᠠᠯᠪᠠᠨ ᠲᠠᠷᠬᠠᠭᠠᠭᠰᠠᠨ ︹2024︺ 19 ᠳ᠋ᠤᠭᠡᠷ ᠲᠣᠭᠠᠲᠤ ᠡᠯ᠎ᠡ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ᠂ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ ︽ᠬᠥᠯᠥᠨ ᠪᠤᠶᠢᠷ ᠬᠤᠲᠠ ᠶᠢᠨ ᠬᠠᠷᠰᠢᠮᠠᠲᠠᠭᠠᠢ ᠬᠠᠮᠠᠷ ᠤᠨ ᠦᠷᠪᠢᠰᠦᠯ ᠢ | ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠥᠰᠥᠯ ︵ᠲᠤᠷᠰᠢᠨ ᠬᠡᠷᠡᠭᠵᠢᠭᠦᠯᠬᠦ︶︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ 6 ᠳ᠋ᠤᠭᠠᠷ | ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠨᠢᠭᠡᠨᠲᠡ ᠬᠢᠨᠠᠨ ᠵᠥᠪᠯᠡᠵᠦ ᠪᠠᠲᠤᠯᠠᠪᠠ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠢ ᠰᠠᠶᠢᠲᠤᠷ ᠠᠳᠬᠤᠲᠤᠭᠠᠢ᠃ 2024 ᠣᠨ ᠤ 4 ᠰᠠᠷ᠎ᠠ ᠶᠢᠨ 11 ᠤ ᠡᠳᠦᠷ ︵ᠲᠣᠰ | ᠮᠠᠲ᠋ᠧᠷᠢᠶᠠᠯ ᠢ ᠢᠯᠡ ᠨᠡᠶᠢᠲᠡᠯᠡᠨ᠎ᠡ︶ ᠬᠥᠯᠥᠨ ᠪᠤᠶᠢᠷ ᠬᠤᠲᠠ ᠶᠢᠨ ᠬᠠᠷᠰᠢᠮᠠᠲᠠᠭᠠᠢ ᠬᠠᠮᠠᠷ ᠤᠨ ᠦᠷᠪᠢᠰᠦᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠥᠰᠥᠯ ︵ | ᠲᠤᠷᠰᠢᠨ ᠬᠡᠷᠡᠭᠵᠢᠭᠦᠯᠬᠦ︶ ᠣᠶᠢᠷ᠎ᠠ ᠶᠢᠨ ᠵᠢᠯ ᠳᠤ᠂ ᠮᠠᠨ ᠤ ᠬᠤᠲᠠ ᠳᠤ ᠬᠠᠷᠰᠢᠮᠠᠲᠠᠭᠠᠢ ᠬᠠᠮᠠᠷ ᠤᠨ ᠦᠷᠪᠢᠰᠦᠯ ᠲᠠᠢ ᠡᠪᠡᠳᠴᠢᠲᠡᠨ ᠵᠢᠯ ᠳᠠᠷᠠᠭᠠᠯᠠᠨ ᠣᠯᠠᠰᠢᠷᠠᠵᠤ | ᠪᠠᠶᠢᠬᠤ ᠪᠥᠭᠡᠳ ᠤᠯᠠᠷᠢᠯ ᠤᠨ ᠴᠢᠨᠠᠷᠲᠠᠢ ᠤᠯᠠᠨᠲᠠ ᠡᠭᠦᠰᠬᠦ ᠪᠠᠶᠢᠳᠠᠯ ᠢᠯᠡᠷᠡᠵᠦ᠂ ᠣᠯᠠᠨ ᠲᠦᠮᠡᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠦᠨᠳᠦ ᠨᠣᠴᠢᠲᠠᠢ | ᠨᠥᠯᠥᠭᠡᠯᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ | ᠬᠠᠷᠰᠢᠮᠠᠲᠠᠭᠠᠢ ᠬᠠᠮᠠᠷ ᠤᠨ ᠦᠷᠪᠢᠰᠦᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠥᠰᠥᠯ ︵ᠲᠤᠷᠰᠢᠨ ᠬᠡᠷᠡᠭᠵᠢᠭᠦᠯᠬᠦ︶ ᠢ ᠳᠠᠷᠤᠮᠠᠯᠯᠠᠨ ᠶᠠᠪᠤᠭᠤᠯᠬᠤ ᠲᠤᠬᠠᠢ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2020︺ 49 ᠳ᠋ᠤᠭᠡᠷ ᠲᠣᠭᠠᠲᠤ︶ ᠤᠨ ᠱᠠᠭᠠᠷᠳᠠᠯᠭ᠎ᠠ ᠪᠠ ᠪᠥᠬᠦ ᠬᠤᠲᠠ ᠶᠢᠨ ᠬᠠᠷᠰᠢᠮᠠᠲᠠᠭᠠᠢ | ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ | ᠲᠣᠰ ᠲᠥᠰᠥᠯ ᠢ ᠲᠣᠭᠲᠠᠭᠠᠪᠠ᠃ ᠨᠢᠭᠡ᠂ ᠵᠢᠯᠤᠭᠤᠳᠬᠤ ᠦᠵᠡᠯ ᠰᠠᠨᠠᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠠ ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ | ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠬᠡᠷᠡᠭᠵᠢᠭᠦᠯᠬᠦ ᠶᠢ ᠪᠠᠲᠤᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ ᠡᠷᠡᠭᠦᠯ ᠡᠩᠬᠡ ᠬᠥᠯᠥᠨ ᠪᠤᠶᠢᠷ ᠤᠨ ᠪᠦᠲᠦᠭᠡᠨ ᠪᠠᠶᠢᠭᠤᠯᠤᠯᠲᠠ ᠶᠢ | ᠪᠠᠲᠤᠲᠠᠢ ᠠᠬᠢᠭᠤᠯᠵᠤ᠂ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ | ᠠᠵᠢᠯ ᠤᠨ ᠵᠠᠷᠴᠢᠮ ᠢ ᠪᠠᠷᠢᠮᠲᠠᠯᠠᠨ᠂ ᠬᠠᠷᠰᠢᠮᠠᠲᠠᠭᠠᠢ ᠬᠠᠮᠠᠷ ᠤᠨ ᠦᠷᠪᠢᠰᠦᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ ᠲᠦᠪᠰᠢᠨ ᠢ ᠳᠡᠭᠡᠭᠰᠢᠯᠡᠭᠦᠯᠵᠦ᠂ | ᠥᠷᠭᠡᠨ ᠣᠯᠠᠨ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠪᠦᠲᠦᠮᠵᠢᠲᠡᠶ ᠪᠠᠲᠤᠯᠠᠨ᠎ᠠ᠃ ᠬᠤᠶᠠᠷ᠂ ᠠᠵᠢᠯ ᠤᠨ ᠬᠠᠷᠠᠯᠲᠠ ᠲᠠᠬᠤᠯ ᠡᠪᠡᠳᠴᠢᠨ ᠤ | ᠰᠤᠳᠤᠯᠤᠯ ᠤᠨ ᠪᠠᠶᠢᠴᠠᠭᠠᠯᠲᠠ ᠶᠢ ᠥᠷᠨᠢᠭᠦᠯᠬᠦ ᠪᠠᠷ ᠳᠠᠮᠵᠢᠭᠤᠯᠤᠨ᠂ ᠡᠪᠡᠳᠴᠢᠨ ᠡᠭᠦᠰᠬᠡᠬᠦ ᠬᠦᠴᠦᠨ ᠵᠦᠢᠯ ᠵᠢᠴᠢ ᠳᠡᠯᠭᠡᠷᠡᠬᠦ ᠣᠨᠴᠠᠯᠢᠭ ᠢ ᠡᠵᠡᠮᠰᠢᠵᠦ᠂ | ᠪᠦᠲᠦᠮᠵᠢᠲᠡᠶ ᠰᠡᠷᠭᠡᠶᠢᠯᠡᠨ ᠡᠵᠡᠮᠳᠡᠬᠦ ᠠᠷᠭ᠎ᠠ᠂ ᠡᠮᠴᠢᠯᠡᠭᠡ ᠪᠠ ᠶᠡᠷᠦᠩᠬᠡᠶᠢᠯᠡᠨ ᠬᠠᠮᠢᠶᠠᠷᠬᠤ ᠠᠷᠭ᠎ᠠ ᠬᠡᠮᠵᠢᠶ᠎ᠡ ᠵᠡᠷᠭᠡ ᠶᠢ ᠬᠠᠶᠢᠨ ᠰᠦᠪᠡᠭᠴᠢᠯᠡᠵᠦ ᠭᠠᠷᠭᠠᠨ᠎ᠠ᠃ | ᠮᠠᠨ ᠤ ᠬᠤᠲᠠ ᠶᠢᠨ ᠬᠠᠷᠰᠢᠮᠠᠲᠠᠭᠠᠢ ᠬᠠᠮᠠᠷ ᠤᠨ ᠦᠷᠪᠢᠰᠦᠯ ᠤᠨ ᠤᠯᠠᠷᠢᠯ ᠤᠨ ᠴᠢᠨᠠᠷᠲᠠᠢ ᠶᠡᠭᠡ ᠳᠡᠯᠭᠡᠷᠡᠬᠦ ᠪᠠᠶᠢᠳᠠᠯ ᠢ ᠪᠦᠲᠦᠮᠵᠢᠲᠡᠶ ᠨᠠᠮᠳᠠᠭᠤᠯᠵᠤ᠂ ᠮᠠᠨ ᠤ | ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ |