ᠶᠠᠭᠰᠢ ᠬᠤᠳᠠ ᠶᠢᠨ ᠬᠢᠨ ᠴᠢᠩᠭ᠎ᠠ ᠬᠠᠮᠢᠶᠠᠷᠤᠯᠲᠠ ᠪᠠ ᠡᠯᠢᠭᠡᠰᠡᠭ ᠬᠠᠶᠢᠷ᠎ᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠦᠵᠡᠯ ᠰᠠᠨᠠᠭᠠᠨ ᠤ | ᠵᠢᠯᠣᠭᠤᠳᠤᠯᠭ᠎ᠠ ᠶᠢ ᠴᠢᠩᠭᠠᠳᠬᠠᠵᠤ᠂ ᠬᠢᠨᠠᠯᠲᠠ ᠲᠠᠯᠪᠢᠬᠤ ᠴᠡᠭ ᠢ ᠤᠷᠲᠤᠳᠬᠠᠨ᠂ ᠬᠢᠨᠠᠯᠲᠠ ᠲᠠᠯᠪᠢᠬᠤ ᠪᠣᠭᠤᠮᠲᠠ ᠶᠢ ᠡᠮᠦᠨᠡᠰᠢ ᠰᠢᠯᠵᠢᠭᠦᠯᠵᠦ᠂ ᠺᠠᠳ᠋ᠷ ᠤᠨ ᠪᠦᠭᠦ | ᠲᠠᠯ᠎ᠠ ᠶᠢᠨ ᠬᠠᠮᠢᠶᠠᠷᠤᠯᠲᠠ ᠪᠣᠯᠣᠨ ᠪᠠᠶᠢᠩᠭᠤ ᠶᠢᠨ ᠴᠢᠨᠠᠷᠲᠠᠢ ᠬᠢᠨᠠᠯᠲᠠ ᠶᠢ ᠦᠷᠭᠦᠯᠵᠢᠯᠡᠨ ᠴᠢᠩᠭᠠᠳᠬᠠᠵᠤ᠂ ᠺᠠᠳ᠋ᠷ ᠤᠨ ᠬᠢᠨᠠᠯᠲᠠ ᠶᠢᠨ ︽ᠭᠤᠷᠪᠠᠨ ᠰᠠᠭᠤᠷᠢ ᠥᠩᠭᠡ︾ | ᠶᠢ ᠲᠣᠳᠣ ᠪᠣᠯᠭᠠᠵᠠᠢ᠃ | ᠦᠵᠡᠯ ᠰᠠᠨᠠᠭᠠᠨ ᠤ ᠵᠢᠯᠣᠭᠤᠳᠤᠯᠭ᠎ᠠ ᠶᠢ ᠴᠢᠩᠭᠠᠳᠬᠠᠵᠤ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠰᠠᠭᠤᠷᠢ ᠥᠩᠭᠡ ᠶᠢ ᠲᠣᠳᠣ ᠪᠣᠯᠭᠠᠪᠠ᠃ ᠪᠦᠭᠦ | ᠠᠵᠢᠯᠲᠠᠨ ᠳᠤ ᠠᠩᠬᠠᠷᠤᠯ ᠢᠶᠠᠨ ᠲᠥᠪᠯᠡᠷᠡᠭᠦᠯᠵᠦ᠂ ︽ᠢᠨᠲ᠋ᠧᠷ ᠰᠦᠯᠵᠢᠶ᠎ᠡ + ᠨᠠᠮ ᠤᠨ ᠭᠡᠰᠢᠭᠦᠨ ᠤ ᠬᠥᠮᠦᠵᠢᠯ︾ ᠢ ᠭᠦᠨᠵᠡᠭᠡᠢ ᠠᠭᠤᠰᠤᠯᠴᠠᠭᠤᠯᠬᠤ ᠠᠷᠭ᠎ᠠ | ᠮᠠᠶ᠋ᠢᠭ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ︽ᠡᠭᠦᠯᠡᠨ ᠬᠢᠴᠢᠶᠡᠯ ᠤᠨ ᠲᠠᠩᠬᠢᠮ︾ ᠪᠠᠶᠢᠭᠤᠯᠬᠤ ᠶᠢ ᠲᠦᠯᠬᠢᠨ ᠠᠬᠢᠭᠤᠯᠵᠤ᠂ ᠨᠠᠮ ᠤᠨ ᠭᠡᠰᠢᠭᠦᠨ | ᠺᠠᠳ᠋ᠷᠴᠤᠳ ᠤᠨ ᠰᠤᠷᠭᠠᠨ ᠬᠥᠮᠦᠵᠢᠯ ᠤᠨ ᠴᠠᠭ ᠪᠠ ᠣᠷᠣᠨ ᠵᠠᠢ ᠶᠢᠨ ᠬᠠᠷᠰᠢᠯᠠᠯ ᠢ ᠦᠭᠡᠶᠢᠰᠬᠡᠵᠦ᠂ ᠨᠠᠮ ᠤᠨ ᠭᠡᠰᠢᠭᠦᠨ ᠺᠠᠳ᠋ᠷᠴᠤᠳ ᠤᠨ ᠰᠤᠷᠭᠠᠨ ᠬᠥᠮᠦᠵᠢᠯ ᠤᠨ | ᠪᠦᠭᠦ ᠠᠵᠢᠯᠲᠠᠨ ᠢ ᠬᠠᠮᠤᠷᠬᠤ ᠶᠢ ᠪᠡᠶᠡᠯᠡᠭᠦᠯᠪᠡ᠃ ᠨᠠᠮ ᠤᠨ ᠰᠤᠷᠭᠠᠭᠤᠯᠢ ᠶᠢᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠨᠠᠮᠴᠢ ᠴᠢᠨᠠᠷ ᠤᠨ ᠬᠥᠮᠦᠵᠢᠯ ᠪᠠ ᠪᠠᠶᠢᠩᠭᠤ ᠶᠢᠨ ᠴᠢᠨᠠᠷᠲᠠᠢ ᠰᠡᠷᠡᠮᠵᠢᠯᠡᠭᠦᠯᠭᠦ ᠬᠥᠮᠦᠵᠢᠯ ᠢ ᠥᠷᠨᠢᠭᠦᠯᠵᠦ᠂ ᠨᠠᠮ ᠤᠨ ᠰᠤᠷᠭᠠᠭᠤᠯᠢ ᠶᠢᠨ ᠨᠠᠮ ᠤᠨ ᠳᠦᠷᠢᠮ ᠨᠠᠮ ᠤᠨ | ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠵᠠᠪᠠᠯ ᠰᠤᠷᠬᠤ ᠬᠢᠴᠢᠶᠡᠯ ᠪᠤᠯᠭᠠᠬᠤ ᠶᠢ ᠠᠬᠢᠭᠤᠯᠵᠤ᠂ ᠪᠠᠶᠢᠩᠭᠤ ᠶᠢᠨ ᠴᠢᠨᠠᠷᠲᠠᠢ ᠰᠠᠬᠢᠯᠭ᠎ᠠ ᠪᠠᠲᠤ ᠶᠢᠨ | ᠬᠥᠮᠦᠵᠢᠯ ᠢ ᠡᠯ᠎ᠡ ᠱᠠᠲᠤᠨ ᠳᠤ ᠨᠠᠶᠢᠳᠠᠪᠤᠷᠢᠵᠢᠭᠤᠯᠪᠠ᠃ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠰᠠᠶᠢᠲᠤᠷ ᠠᠳᠬᠤᠵᠤ᠂ ᠬᠠᠷᠢᠭᠤᠴᠠᠯᠭ᠎ᠠ ᠡᠭᠦᠷᠭᠡᠯᠡᠬᠦ ᠶᠢᠨ | ᠴᠢᠬᠤᠯᠠ ᠵᠦᠢᠯ ᠢ ᠣᠨᠣᠪᠴᠢᠲᠠᠢ ᠵᠣᠯᠭᠠᠭᠤᠯᠵᠤ᠂ ᠺᠠᠳ᠋ᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠲᠦᠷᠭᠡᠨ ᠳᠡᠭᠡᠭᠰᠢᠯᠡᠭᠦᠯᠵᠦ᠂ ᠨᠠᠮ ᠤᠨ | ᠭᠡᠰᠢᠭᠦᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠬᠦ ᠰᠠᠭᠤᠷᠢ ᠥᠩᠭᠡ ᠶᠢ ᠲᠣᠳᠣ ᠪᠣᠯᠭᠠᠪᠠ᠃ | ᠬᠢᠨᠠᠯᠲᠠ ᠲᠠᠯᠪᠢᠬᠤ ᠴᠡᠭ ᠢ ᠤᠷᠲᠤᠳᠬᠠᠵᠤ᠂ ᠺᠠᠳ᠋ᠷ ᠤᠨ ᠰᠠᠬᠢᠯᠭ᠎ᠠ ᠪᠠᠲᠤ ᠶᠢᠨ ᠰᠠᠭᠤᠷᠢ ᠥᠩᠭᠡ ᠶᠢ ᠲᠣᠳᠣ ᠪᠣᠯᠭᠠᠪᠠ᠃ ᠺᠠᠳ᠋ᠷ ᠢ ᠪᠦᠭᠦ ᠲᠠᠯ᠎ᠠ ᠪᠠᠷ | ᠬᠠᠮᠢᠶᠠᠷᠬᠤ ᠪᠠ ᠪᠠᠶᠢᠩᠭᠤ ᠶᠢᠨ ᠴᠢᠨᠠᠷᠲᠠᠢ ᠪᠠᠷ ᠬᠢᠨᠠᠯᠲᠠ ᠲᠠᠯᠪᠢᠬᠤ ᠲᠤᠬᠠᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠵᠤ ᠬᠢᠨᠠᠯᠲᠠ ᠲᠠᠯᠪᠢᠬᠤ᠂ ᠠᠯᠪᠠᠨ | ᠲᠤᠰᠢᠶᠠᠯᠲᠠᠨ ᠤ ᠠᠵᠤ ᠠᠬᠤᠶᠢᠯᠠᠯ ᠳᠤ ᠬᠤᠯᠪᠣᠭᠳᠠᠬᠤ ᠬᠢᠨᠠᠯᠲᠠ ᠲᠠᠯᠪᠢᠬᠤ ᠪᠠ ᠬᠤᠪᠢ ᠶᠢᠨ ᠶᠠᠪᠤᠳᠠᠯᠢᠶ᠋ᠠᠷ ᠭᠠᠳᠠᠭᠠᠳᠤ ᠳᠤ ᠭᠠᠷᠬᠤ ︵ᠬᠢᠯᠢ︶ ᠶᠢᠨ ᠪᠠᠶᠢᠩᠭᠤ ᠶᠢᠨ | ᠬᠢᠨᠠᠯᠲᠠ ᠬᠠᠮᠢᠶᠠᠷᠤᠯᠲᠠ ᠶᠢ ᠴᠠᠭ ᠲᠤᠬᠠᠢ ᠳᠤᠨᠢ ᠮᠥᠷᠳᠡᠵᠦ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠪᠡ᠃ ᠬᠠᠮᠲᠤ ᠪᠠᠷ ᠡᠳ᠋ᠯᠡᠬᠦ | ᠲᠠᠪᠴᠠᠩ ᠢ ᠪᠠᠶᠢᠭᠤᠯᠵᠤ᠂ ᠺᠠᠳ᠋ᠷ ᠲᠤ ᠬᠢᠨᠠᠯᠲᠠ ᠲᠠᠯᠪᠢᠬᠤ 15 ᠪᠦᠷᠢᠯᠳᠦᠭᠦᠨ ᠨᠢᠭᠡᠴᠢ ᠪᠠᠷ ᠪᠦᠷᠢᠯᠳᠦᠭᠰᠡᠨ ᠬᠠᠮᠲᠤᠷᠠᠭᠰᠠᠨ ᠰᠠᠭᠤᠳᠠᠯ ᠤᠨ ᠲᠣᠭᠲᠠᠴᠠ ᠶᠢᠨ | ᠠᠵᠢᠯ ᠤᠨ ᠲᠤᠰᠢᠶᠠᠯ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠰᠢᠨᠡᠳᠬᠡᠨ ᠲᠡᠭᠦᠯᠳᠡᠷᠵᠢᠭᠦᠯᠵᠦ᠂ ᠺᠠᠳ᠋ᠷ ᠢ ᠬᠢᠨᠠᠨ ᠪᠠᠶᠢᠴᠠᠭᠠᠬᠤ᠂ ᠠᠷᠠᠳᠴᠢᠯᠠᠯ ᠢᠶᠠᠷ | ᠲᠠᠨᠢᠯᠴᠠᠭᠤᠯᠬᠤ ᠵᠡᠷᠭᠡ ᠠᠵᠢᠯ ᠤᠨ ᠳᠤᠮᠳᠠ᠂ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ 12380 ᠲᠠᠪᠴᠠᠩ ᠢ ᠭᠦᠢᠴᠡᠳ ᠬᠡᠷᠡᠭᠯᠡᠨ᠂ | ᠨᠡᠶᠢᠭᠡᠮ ᠤᠨ ᠬᠢᠨᠠᠯᠲᠠ ᠶᠢ ᠥᠷᠭᠡᠨ ᠢᠶᠠᠷ ᠬᠦᠯᠢᠶᠡᠵᠦ᠂ ᠤᠳᠤᠷᠢᠳᠬᠤ ᠺᠠᠳ᠋ᠷᠴᠤᠳ ᠤᠨ ︽ᠨᠠᠢᠮᠠᠨ ᠴᠠᠭ︾ ᠤᠨ ᠳᠣᠲᠣᠷ᠎ᠠ ᠭᠠᠳᠠᠨᠠᠬᠢ ᠪᠠᠶᠢᠳᠠᠯ ᠢ ᠪᠦᠭᠦ ᠲᠠᠯ᠎ᠠ ᠪᠠᠷ᠂ | ᠭᠦᠨᠵᠡᠭᠡᠢ᠂ ᠵᠥᠪ ᠣᠨᠣᠪᠴᠢᠲᠠᠶ ᠪᠠᠷ ᠣᠶᠢᠯᠠᠭᠠᠵᠤ᠂ ᠺᠠᠳ᠋ᠷᠴᠤᠳ ᠲᠤ ᠬᠢᠨᠠᠯᠲᠠ ᠲᠠᠯᠪᠢᠬᠤ ᠠᠵᠢᠯ ᠢ ᠤᠯᠠᠨ ᠲᠦᠮᠡᠨ ᠤ ᠳᠤᠮᠳᠠ ᠦᠨᠳᠦᠰᠦᠯᠡᠭᠦᠯᠪᠡ᠃ | ᠬᠢᠨᠠᠯᠲᠠ ᠶᠢᠨ ᠪᠣᠭᠤᠮᠲᠠ ᠶᠢ ᠡᠮᠦᠨᠡᠰᠢ ᠰᠢᠯᠵᠢᠭᠦᠯᠵᠦ᠂ ᠺᠠᠳ᠋ᠷᠴᠤᠳ ᠤᠨ ᠦᠨᠡᠨᠴᠢ ᠰᠢᠳᠤᠷᠭᠤ ᠶᠢᠨ ᠰᠠᠭᠤᠷᠢ ᠥᠩᠭᠡ ᠶᠢ ᠲᠣᠳᠣ ᠪᠣᠯᠭᠠᠪᠠ᠃ | ᠤᠳᠤᠷᠢᠳᠬᠤ ᠺᠠᠳ᠋ᠷᠴᠤᠳ ᠲᠤ ᠰᠠᠨᠠᠭᠤᠯᠬᠤ᠂ ᠵᠠᠬᠢᠳᠠᠯ ᠢᠶᠠᠷ ᠠᠰᠠᠭᠤᠬᠤ ᠪᠠ ᠰᠡᠷᠡᠮᠵᠢᠯᠡᠭᠦᠯᠦᠨ ᠢᠳᠬᠠᠬᠤ ᠪᠠ ᠨᠠᠮ ᠤᠨ ᠭᠡᠰᠢᠭᠦᠨ ᠺᠠᠳ᠋ᠷᠴᠤᠳ ᠤᠨ ︽ᠵᠢᠵᠢᠭ | ᠠᠰᠠᠭᠤᠳᠠᠯ︾ ᠢ ᠬᠠᠯᠠᠮᠵᠢᠯᠠᠨ ᠰᠠᠨᠠᠭᠤᠯᠬᠤ ᠪᠢᠴᠢᠭ ᠮᠠᠲ᠋ᠧᠷᠢᠶᠠᠯ ᠪᠠ ᠠᠵᠢᠯᠯᠠᠬᠤ ᠳᠦᠷᠢᠮ ᠢ ᠲᠣᠭᠲᠠᠭᠠᠵᠤ᠂ ᠤᠯᠤᠰ ᠲᠦᠷᠦ ᠦᠵᠡᠯ ᠰᠠᠨᠠᠭ᠎ᠠ᠂ ᠺᠠᠳ᠋ᠷ ᠤᠨ | ᠰᠤᠷᠲᠠᠯ ᠤᠨ ᠤᠯᠠᠨ ᠲᠠᠯ᠎ᠠ ᠠᠴᠠ ᠤᠷᠢᠳᠴᠢᠯᠠᠨ ᠰᠡᠷᠡᠮᠵᠢᠯᠡᠭᠦᠯᠭᠦ ᠶᠢ ᠴᠢᠩᠭᠠᠳᠬᠠᠵᠤ᠂ ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠢ | ᠴᠠᠭ ᠲᠤᠬᠠᠢ ᠳᠤᠨᠢ ᠰᠠᠨᠠᠭᠤᠯᠬᠤ ᠪᠣᠯᠭᠠᠵᠠᠢ᠃ ᠲᠣᠭᠤᠷᠢᠨ ᠪᠠᠶᠢᠴᠠᠭᠠᠬᠤ᠂ ᠡᠯ᠎ᠡ ᠲᠥᠷᠥᠯ ᠤᠨ ᠰᠢᠮᠳᠠᠭᠤᠯᠤᠨ ᠪᠠᠶᠢᠴᠠᠭᠠᠵᠤ ᠬᠢᠨᠠᠨ ᠵᠢᠯᠣᠭᠤᠳᠤᠭᠰᠠᠨ ᠦᠷ᠎ᠡ ᠳ᠋ᠦᠩ | ᠪᠠ ᠮᠡᠳᠡᠭᠡ ᠵᠠᠩᠭᠢ ᠶᠢᠨ ᠬᠠᠷᠢᠭᠤ ᠲᠤᠰᠬᠠᠯ ᠢ ᠠᠰᠢᠭᠯᠠᠨ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠦᠷ᠎ᠡ ᠳ᠋ᠦᠩ ᠢ ᠬᠤᠯᠪᠤᠭᠠᠯᠠᠨ ᠬᠡᠷᠡᠭᠯᠡᠬᠦ᠂ ᠲᠤᠬᠠᠶᠢᠯᠠᠭᠰᠠᠨ | ᠠᠵᠢᠯ ᠢ ᠬᠤᠯᠪᠤᠭᠠᠯᠠᠨ ᠬᠥᠳᠡᠯᠦᠯᠴᠡᠭᠰᠡᠨ ᠬᠢᠨᠠᠯᠲᠠ ᠲᠠᠯᠪᠢᠬᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠦᠷᠢᠯᠳᠦᠭᠦᠯᠪᠡ᠃ ᠬᠢᠨᠠᠯᠲᠠ ᠲᠠᠯᠪᠢᠬᠤ | ᠪᠣᠭᠤᠮᠲᠠ ᠶᠢ ᠡᠮᠦᠨᠡᠰᠢ ᠰᠢᠯᠵᠢᠭᠦᠯᠵᠦ᠂ ᠶᠣᠰᠣ ᠳᠦᠷᠢᠮ ᠤᠨ ᠤᠬᠠᠮᠰᠠᠷ ᠪᠠ ᠬᠠᠤᠯᠢ ᠰᠠᠬᠢᠯᠭ᠎ᠠ ᠶᠢᠨ ᠦᠵᠡᠯᠲᠡ ᠶᠢ ᠴᠢᠩᠭᠠᠳᠬᠠᠵᠤ᠂ ᠨᠠᠮ ᠤᠨ ᠭᠡᠰᠢᠭᠦᠨ | ᠺᠠᠳ᠋ᠷᠴᠤᠳ ᠤᠨ ᠦᠨᠡᠨᠴᠢ ᠰᠢᠳᠤᠷᠭᠤ ᠪᠠᠶᠢᠬᠤ ᠰᠠᠭᠤᠷᠢ ᠥᠩᠭᠡ ᠶᠢ ᠲᠠᠰᠤᠷᠠᠯᠲᠠ ᠦᠭᠡᠢ ᠲᠣᠳᠣ ᠪᠣᠯᠭᠠᠪᠠ᠃ |