ᠭᠡᠷ ᠤᠨ ᠴᠠᠬᠢᠯᠭᠠᠨ ᠬᠡᠷᠡᠭᠰᠡᠯ ᠬᠤᠳᠠᠯᠳᠤᠨ ᠠᠪᠬᠤ ᠳᠤ ᠬᠠᠮᠤᠭ ᠥᠨᠳᠥᠷ ᠲᠡᠭᠡᠨ ᠪᠣᠷᠣᠯᠠᠭᠤᠯᠬᠤ ᠦᠨ᠎ᠡ ᠶᠢᠨ 20% ᠪᠠᠷ ᠨᠥᠬᠦᠪᠥᠷᠢ ᠬᠦᠷᠳᠡᠵᠦ ᠪᠤᠯᠤᠨ᠎ᠠ︕
ᠨᠡᠶᠢᠲᠡᠯᠡᠭᠰᠡᠨ ᠴᠠᠭ᠄
2025/1/10
       8 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠨᠢ ᠲᠥᠷᠥ ᠶᠢᠨ ᠪᠣᠳᠣᠯᠭ᠎ᠠ ᠶᠢᠨ ᠵᠤᠷᠰᠢᠯᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠠᠴᠠ ᠬᠡᠪᠴᠢᠶ᠎ᠡ ᠶᠢ ᠥᠷᠭᠡᠳᠬᠡᠨ ︽ᠬᠤᠶᠠᠷ ᠰᠢᠨ᠎ᠡ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠵᠠᠢ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠬᠡᠷᠡᠭᠯᠡᠭᠡᠨ ᠤ ᠵᠤᠶᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠬᠡᠪᠴᠢᠶ᠎ᠡ ᠶᠢ ᠥᠷᠭᠡᠳᠬᠡᠨ ᠳᠡᠮᠵᠢᠨ᠎ᠡ ᠬᠡᠪᠡ᠃               · ᠨᠥᠬᠦᠴᠡᠯ ᠳᠤ ᠨᠡᠶᠢᠴᠡᠬᠦ ᠤᠯᠤᠰ ᠤᠨ ᠳᠥᠷᠪᠡᠳᠦᠭᠡᠷ ᠭᠠᠳᠠᠭᠰᠢᠯᠠᠭᠤᠯᠬᠤ ᠪᠠᠷᠢᠮᠵᠢᠶᠠᠲᠤ ᠰᠢᠲᠠᠭᠠᠯᠭ᠎ᠠ ᠶᠢᠨ ᠲᠤᠰᠤ ᠭᠡᠷᠡᠭᠯᠡᠬᠦ ᠲᠡᠷᠭᠡ ︵ᠲᠤᠬᠠᠶᠢᠯᠠᠪᠠᠯ ᠤᠯᠤᠰ ᠤᠨ ᠳᠥᠷᠪᠡᠳᠦᠭᠡᠷ ᠭᠠᠳᠠᠭᠰᠢᠯᠠᠭᠤᠯᠬᠤ ᠪᠠᠷᠢᠮᠵᠢᠶ᠎ᠠ ᠶᠢ ᠬᠡᠷᠡᠭᠵᠢᠭᠦᠯᠤᠭ᠍ᠰᠡᠨ ᠠᠩᠬᠠᠨ ᠤ ᠵᠢᠯ ᠤᠨ ᠰᠢᠲᠠᠭᠠᠯᠭ᠎ᠠ ᠶᠢᠨ ᠲᠤᠰᠤ ᠭᠡᠷᠡᠭᠯᠡᠬᠦ ᠲᠡᠷᠭᠡ᠂ ᠡᠬᠦᠨ ᠳᠤ 2012 ᠣᠨ ᠤ 6 ᠰᠠᠷ᠎ᠠ ᠶᠢᠨ 30 ᠤ ᠡᠳᠦᠷ ᠠᠴᠠ ᠡᠮᠦᠨ᠎ᠡ ᠳᠠᠩᠰᠠᠯᠠᠭᠤᠯᠤᠭᠰᠠᠨ ᠴᠢᠶ᠋ᠢᠦ ᠲᠤᠰᠤ ᠭᠡᠷᠡᠭᠯᠡᠬᠦ ᠲᠡᠷᠭᠡ᠂ 2014 ᠣᠨ ᠤ 6 ᠰᠠᠷ᠎ᠠ ᠶᠢᠨ 30 ᠤ ᠡᠳᠦᠷ ᠠᠴᠠ ᠡᠮᠦᠨ᠎ᠡ ᠳᠠᠩᠰᠠᠯᠠᠭᠤᠯᠤᠭᠰᠠᠨ ᠴᠠᠶᠢᠶ᠋ᠢᠦ ᠲᠤᠰᠤ ᠵᠢᠴᠢ ᠪᠤᠰᠤᠳ ᠲᠦᠯᠡᠰᠢ ᠭᠡᠷᠡᠭᠯᠡᠬᠦ ᠲᠡᠷᠭᠡ ᠪᠠᠭᠲᠠᠨ᠎ᠠ︶ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠳᠤ ᠨᠥᠬᠦᠪᠥᠷᠢ ᠥᠭᠬᠦ ᠬᠡᠪᠴᠢᠶᠡᠨ ᠳᠤ ᠣᠷᠣᠭᠤᠯᠵᠤ᠂ ᠪᠦᠬᠦ ᠤᠯᠤᠰ ᠤᠨ ᠮᠠᠰᠢᠨ ᠲᠡᠷᠭᠡ ᠰᠣᠯᠢᠵᠤ ᠰᠢᠨᠡᠳᠬᠡᠬᠦ ᠶᠢᠨ ᠬᠠᠮᠤᠭ ᠤᠨ ᠥᠨᠳᠥᠷ ᠨᠥᠬᠦᠪᠥᠷᠢ ᠥᠭᠬᠦ ᠬᠢᠵᠠᠭᠠᠷ ᠲᠤᠭ᠎ᠠ ᠶᠢ ᠨᠢᠭᠡᠳᠦᠯᠲᠡᠶ ᠵᠢᠷᠤᠮᠵᠢᠭᠤᠯᠤᠨ᠎ᠠ᠃               · ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠭᠥᠷᠳᠡᠬᠦ ᠬᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠨᠢᠳᠤᠨᠤᠨ ᠤ 8 ᠲᠥᠷᠥᠯ ᠪᠠᠶᠢᠭᠰᠠᠨ ᠠᠴᠠ ᠪᠠᠨ ᠨᠡᠮᠡᠭᠳᠡᠭᠡᠳ 2025 ᠣᠨ ᠳᠤ 12 ᠲᠥᠷᠥᠯ ᠪᠣᠯᠵᠣ᠂ ᠲᠠᠩ ᠭᠠᠭᠴᠠ ᠦᠢᠯᠡᠳᠬᠦᠨ ᠬᠤᠳᠠᠯᠳᠤᠨ ᠠᠪᠬᠤ ᠳᠤ ᠬᠠᠮᠤᠭ ᠤᠨ ᠥᠨᠳᠥᠷ ᠲᠡᠭᠡᠨ ᠪᠣᠷᠣᠯᠠᠭᠤᠯᠬᠤ ᠦᠨ᠎ᠡ ᠶᠢᠨ 20% ᠪᠠᠷ ᠨᠥᠬᠦᠪᠥᠷᠢ ᠭᠥᠷᠳᠡᠵᠦ ᠪᠣᠯᠤᠨ᠎ᠠ᠃               · ᠰᠠᠭᠤᠭᠠᠯᠢ ᠠᠷᠠᠳ ᠤᠨ ᠭᠡᠷ ᠪᠦᠯᠢ ᠶᠢᠨ ᠪᠣᠳᠠᠲᠤ ᠬᠡᠷᠡᠭᠴᠡᠭᠡ ᠶᠢ ᠪᠣᠳᠣᠯᠬᠢᠯᠠᠨ᠂ ᠬᠡᠷᠡᠭᠯᠡᠭᠴᠢᠳ ᠨᠢᠭᠡᠪᠦᠷᠢ ᠠᠭᠠᠷ ᠵᠤᠬᠢᠴᠠᠭᠤᠯᠤᠭᠤᠷ ᠤᠨ ᠦᠢᠯᠡᠳᠬᠦᠨ ᠬᠤᠳᠠᠯᠳᠤᠨ ᠠᠪᠬᠤ ᠳᠤ ᠬᠠᠮᠤᠭ ᠠᠷᠪᠢᠨ ᠳᠠᠭᠠᠨ 1 ᠵᠦᠢᠯ ᠳᠤᠨᠢ ᠨᠥᠬᠦᠪᠥᠷᠢ ᠥᠭᠴᠦ ᠪᠠᠶᠢᠭᠰᠠᠨ ᠢ 3 ᠵᠦᠢᠯ ᠪᠣᠯᠭᠠᠨ ᠨᠡᠮᠡᠭᠳᠡᠭᠦᠯᠦᠨ᠎ᠡ᠃               · ᠢᠯᠠᠩᠭᠤᠶ᠎ᠠ ᠣᠯᠠᠨ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠦᠯᠦᠨ᠂ ᠭᠠᠷ ᠤᠲᠠᠰᠤ ᠵᠡᠷᠭᠡ ᠲᠣᠭᠠᠴᠢᠯᠠᠭᠰᠠᠨ ᠦᠢᠯᠡᠳᠬᠦᠨ ᠬᠤᠳᠠᠯᠳᠤᠨ ᠠᠪᠬᠤ ᠳᠤ ᠨᠥᠬᠦᠪᠥᠷᠢ ᠥᠭᠬᠦ ᠰᠢᠨ᠎ᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃               · ᠭᠡᠷ ᠤᠨ ᠬᠡᠷᠡᠭᠯᠡᠭᠡᠨ ᠤ ᠵᠦᠢᠯ ᠤᠨ ᠰᠢᠨ᠎ᠡ ᠶᠢ ᠰᠣᠯᠢᠬᠤ ᠪᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠦᠷᠭᠦᠯᠵᠢᠯᠡᠨ ᠶᠡᠭᠡ ᠪᠠᠷ ᠳᠡᠮᠵᠢᠨ᠎ᠡ᠃ 
ᠢᠷᠡᠯᠲᠡ᠄ ᠠᠷᠠᠳ ᠤᠨ ᠮᠤᠩᠭᠤᠯ ᠰᠦᠯᠵᠢᠶ᠎ᠡ