ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠢ ᠬᠥᠳᠡᠭᠡ ᠳᠤᠰᠬᠤᠨ ᠳᠤ ᠪᠠᠭᠤᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠳᠤ ᠬᠦᠴᠦᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠳᠠᠪᠰᠢᠯᠳᠠ ᠪᠠ ᠰᠢᠨ᠎ᠡ ᠶᠢ ᠡᠭᠦᠳᠬᠦ ᠨᠢ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢ ᠪᠡᠶᠡᠯᠡᠭᠦᠯᠬᠦ᠂ ᠬᠥᠳᠡᠭᠡ ᠳᠤᠰᠬᠤᠨ ᠢ ᠬᠥᠭᠵᠢᠭᠦᠯᠦᠨ | ᠮᠠᠨᠳᠤᠭᠤᠯᠬᠤ ᠳᠤ ᠴᠢᠬᠤᠯᠠ ᠲᠤᠯᠭᠠᠭᠤᠷᠢ ᠬᠦᠴᠦᠨ ᠪᠤᠯᠳᠠᠭ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠬᠥᠳᠡᠭᠡ ᠳᠤ ᠪᠠᠭᠤᠯᠭᠠᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠨᠢ | ᠬᠥᠳᠡᠭᠡ ᠳᠤᠰᠬᠤᠨ ᠳᠤ ᠦᠢᠯᠡᠴᠢᠯᠡᠬᠦ᠂ ᠬᠥᠳᠡᠭᠡ ᠳᠤᠰᠬᠤᠨ ᠤ ᠬᠥᠭᠵᠢᠯᠲᠡ ᠶᠢᠨ ᠳᠣᠲᠣᠭᠠᠳᠤ ᠠᠮᠢᠵᠢᠷᠠᠯ ᠤᠨ ᠬᠦᠴᠦᠨ ᠪᠣᠯᠵᠤ ᠪᠤᠢ᠃ ᠳᠡᠳᠡ ᠮᠠᠯ ᠠᠵᠤ ᠠᠬᠤᠢ᠂ | ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠳᠡᠯᠭᠡᠷᠡᠭᠦᠯᠦᠭᠴᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠨ ᠦᠢᠯᠡᠰ | ᠪᠣᠰᠬᠠᠬᠤ ᠬᠤᠰᠢᠭᠤᠴᠢ᠂ ᠬᠥᠳᠡᠭᠡ ᠲᠤᠰᠬᠤᠨ ᠤ ᠶᠠᠳᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠬᠦ ᠶᠢᠨ ᠳᠠᠭᠠᠭᠤᠯᠤᠭᠴᠢ ᠪᠣᠯᠵᠤ᠂ ᠮᠠᠯᠴᠢᠨ ᠲᠠᠷᠢᠶᠠᠴᠢᠨ ᠤ | ᠠᠵᠤ ᠠᠬᠤᠢ ᠶᠢᠨ ᠤᠷᠤᠯᠭ᠎ᠠ ᠶᠢ ᠨᠡᠮᠡᠭᠳᠡᠭᠦᠯᠬᠦ ᠶᠢᠨ ᠬᠠᠮᠲᠤ ᠳᠡᠳᠡᠨ ᠤ ᠪᠠᠶᠠᠵᠢᠨ ᠴᠢᠨᠡᠭᠡᠯᠢᠭᠵᠢᠬᠦ ᠳᠣᠲᠣᠭᠠᠳᠤ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ | ᠪᠠᠶᠢᠳᠠᠭ᠃ ᠮᠠᠨ ᠤ ᠣᠷᠣᠨ ᠢᠶᠠᠷ ᠵᠢᠱᠢᠶᠡᠯᠡᠬᠦ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠶᠢᠨ ᠬᠥᠳᠡᠭᠡ ᠳᠤᠰᠬᠤᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠳᠣᠲᠣᠭᠠᠳᠤ ᠠᠭᠤᠯᠬᠤᠨ ᠢ ᠳᠠᠰᠤᠷᠠᠯᠳᠠ ᠦᠭᠡᠢ ᠪᠠᠶᠠᠯᠢᠭᠵᠢᠭᠤᠯᠵᠤ᠂ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠨᠴᠠ ᠲᠣᠮᠢᠯᠠᠭᠳᠠᠭᠴᠢ︾ + ᠳᠠᠭᠠᠭᠤᠯᠤᠭᠴᠢ ᠠᠵᠤ ᠠᠬᠤᠶᠢᠯᠠᠯ + ᠲᠠᠷᠢᠶᠠᠴᠢᠨ ᠡᠷᠦᠭᠡ ᠶᠢᠨ ᠦᠢᠯᠡᠰ ᠪᠣᠰᠬᠠᠬᠤ ᠵᠠᠭᠪᠤᠷ ᠢᠶᠠᠷ ᠮᠠᠯᠴᠢᠨ | ᠲᠠᠷᠢᠶᠠᠴᠢᠨ ᠪᠠ ᠮᠠᠯ ᠠᠵᠤ ᠠᠬᠤᠢ ᠲᠠᠷᠢᠶᠠᠯᠠᠩ ᠦᠢᠯᠡᠳᠪᠦᠷᠢᠯᠡᠯ ᠳᠤ ᠰᠢᠷᠢᠰ ᠦᠢᠯᠡᠴᠢᠯᠡᠭᠡ ᠬᠠᠩᠭᠠᠵᠤ᠂ ᠥᠪᠡᠷ ᠤᠨ ᠠᠵᠤ ᠠᠬᠤᠢ ᠶᠢᠨ ᠠᠵᠢᠯᠯᠠᠭ᠎ᠠ ᠪᠠᠷ ᠢᠶᠠᠨ | ᠲᠠᠷᠢᠶᠠᠯᠠᠩ ᠦᠢᠯᠡᠳᠪᠦᠷᠢᠯᠡᠯ ᠢ ᠬᠥᠲᠥᠯᠥᠨ ᠵᠢᠯᠤᠭᠤᠳᠴᠤ ᠪᠠᠶᠢᠳᠠᠭ᠃ ᠪᠠᠰᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ + | ᠬᠦᠷᠢᠶᠡᠯᠡᠩ ᠲᠣᠭᠤᠷᠢᠭ ︵ᠰᠠᠭᠤᠷᠢᠨ ᠭᠠᠵᠠᠷ︶ + ᠲᠠᠷᠢᠶᠠᠴᠢᠨ ᠡᠷᠦᠭᠡ ᠶᠢᠨ ᠦᠢᠯᠡᠰ ᠪᠣᠰᠬᠠᠬᠤ᠂ ᠰᠢᠨ᠎ᠡ ᠮᠠᠶ᠋ᠢᠭ ᠤᠨ ᠣᠷᠣᠨ ᠨᠤᠲᠤᠭ ᠤᠨ ᠴᠢᠳᠠᠪᠤᠷᠢᠲᠠᠨ ᠤ | ᠦᠢᠯᠡᠰ ᠪᠣᠰᠬᠠᠬᠤ ᠶᠢ ᠲᠡᠳᠬᠦᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠨᠢ | ᠰᠢᠨ᠎ᠡ ᠴᠠᠭ ᠦᠶ᠎ᠡ ᠶᠢᠨ ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠬᠤᠰᠢᠭᠤᠴᠢ ᠴᠡᠷᠢᠭ ᠪᠣᠯᠵᠤ ᠬᠤᠰᠢᠭᠤᠷᠠᠨ᠎ᠠ᠃ | ᠤᠳᠤᠨ ᠡᠭᠦᠳᠦᠯᠲᠡ ᠶᠢᠨ ᠭᠠᠵᠠᠷ ᠢ ᠬᠥᠳᠡᠭᠡ ᠳᠤᠰᠬᠤᠨ ᠳᠤ ᠰᠢᠨ᠎ᠡ ᠶᠢ ᠡᠭᠦᠳᠬᠦ ᠱᠠᠭᠠᠷᠳᠠᠯᠭ᠎ᠠ ᠪᠠᠷ ᠪᠠᠶᠢᠭᠤᠯᠤᠭᠰᠠᠨ ᠪᠣᠯ ᠥᠨᠥ ᠰᠢᠨ᠎ᠡ ᠶᠢ ᠡᠭᠦᠳᠬᠦ | ᠡᠬᠢ ᠪᠠᠶᠠᠯᠢᠭ ᠪᠠ ᠦᠢᠯᠡᠰ ᠪᠣᠰᠬᠠᠬᠤ ᠡᠯᠧᠮᠧᠨ᠋ᠲ ᠢ ᠲᠥᠪᠯᠡᠷᠡᠭᠦᠯᠬᠦ᠂ ᠲᠠᠷᠢᠶᠠᠯᠠᠩ ᠤᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ᠂ ᠶᠠᠳᠠᠭᠤ ᠠᠴᠠ | ᠠᠩᠭᠢᠵᠢᠷᠠᠭᠤᠯᠤᠨ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠵᠦ᠂ ᠬᠥᠳᠡᠭᠡ ᠳᠤᠰᠬᠤᠨ ᠤ ᠰᠢᠨ᠎ᠡ ᠶᠢ ᠡᠭᠦᠳᠴᠦ ᠦᠢᠯᠡᠰ ᠪᠣᠰᠬᠠᠬᠤ ᠵᠢᠱᠢᠶ᠎ᠡ ᠦᠵᠡᠭᠦᠯᠭᠦ | ᠭᠠᠵᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠦᠳᠦᠮᠵᠢᠳᠡᠢ ᠲᠠᠪᠴᠠᠩ ᠪᠣᠯᠵᠤ᠂ ᠲᠠᠷᠢᠶᠠᠯᠠᠩ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢ ᠨᠡᠪᠴᠢᠭᠦᠯᠬᠦ᠂ ᠴᠢᠳᠠᠪᠤᠷᠢᠲᠠᠨ ᠢ ᠲᠥᠪᠯᠡᠷᠡᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠪᠤᠶᠤ | ᠣᠶᠤᠲᠠᠳ ᠢ ᠬᠥᠳᠡᠭᠡ ᠳᠤᠰᠬᠤᠨ ᠳᠤ ᠳᠠᠳᠠᠨ ᠠᠪᠴᠢᠷᠠᠬᠤ᠂ ᠰᠢᠨ᠎ᠡ ᠭᠡᠯᠪᠡᠷᠢ ᠶᠢᠨ ᠲᠤᠰᠬᠠᠢ ᠲᠠᠷᠢᠶᠠᠴᠢᠨ ᠢ ᠬᠥᠮᠥᠵᠢᠭᠦᠯᠬᠦ ᠳᠤ ᠴᠢᠬᠤᠯᠠ ᠦᠢᠯᠡᠳᠦᠯ ᠢᠶᠠᠨ | ᠪᠠᠳᠠᠷᠠᠭᠤᠯᠵᠤ ᠪᠠᠶᠢᠨ᠎ᠠ᠃ ᠮᠠᠨ ᠤ ᠣᠷᠣᠨ ᠤᠳᠤᠨ ᠡᠭᠦᠳᠦᠯᠲᠡ ᠶᠢᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠨ ᠬᠥᠭᠵᠢᠬᠦ ᠶᠢᠨ ᠰᠢᠨ᠎ᠡ ᠠᠴᠢᠶᠠᠯᠠᠭᠴᠢ᠂ ᠬᠥᠳᠡᠭᠡ ᠳᠤᠰᠬᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠲᠠᠪᠴᠠᠩ᠂ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠨ᠎ᠡ ᠠᠷᠭ᠎ᠠ ᠪᠠᠷᠢᠯ ᠪᠤᠯᠭᠠᠵᠤ ᠪᠤᠢ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ᠂ ᠤᠳᠤᠨ ᠡᠭᠦᠳᠦᠯᠲᠡ ᠶᠢᠨ ᠭᠠᠵᠠᠷ ᠤᠨ ᠪᠠᠶᠢᠭᠤᠯᠤᠯᠲᠠ᠂ ︽ᠭᠤᠷᠪᠠᠨ ᠣᠷᠣᠨ︾ ᠳᠤ | ᠦᠢᠯᠡᠴᠢᠯᠡᠬᠦ ᠮᠡᠷᠭᠡᠵᠢᠯ ᠤᠨ ᠴᠢᠳᠠᠪᠤᠷᠢᠲᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠢᠶᠠᠷ ᠣᠷᠣᠨ ᠨᠤᠲᠤᠭ ᠤᠨ ᠭᠤᠣᠯᠯᠠᠭᠴᠢ | ᠴᠢᠳᠠᠪᠤᠷᠢᠲᠠᠨ ᠢ ᠬᠥᠮᠥᠵᠢᠭᠦᠯᠬᠦ᠂ ︽12396︾ ᠦᠢᠯᠡᠴᠢᠯᠡᠭᠡ ᠮᠡᠲᠦ ᠶᠢᠨ ᠠᠯᠢ ᠤᠯᠠᠨ ᠬᠢᠳᠡᠯ ᠠᠷᠭ᠎ᠠ ᠪᠠᠷᠢᠯ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ | ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠬᠦᠷᠭᠡᠨ ᠦᠢᠯᠡᠴᠢᠯᠡᠭᠦᠯᠵᠦ᠂ ᠰᠢᠨ᠎ᠡ ᠬᠥᠳᠡᠭᠡ ᠶᠢᠨ ᠬᠥᠭᠵᠢᠯᠲᠡ ᠳᠤ ᠲᠤᠯᠭᠠᠭᠤᠷᠢ ᠬᠦᠴᠦᠨ ᠪᠤᠯᠭᠠᠵᠤ | ᠪᠤᠢ᠃ |