ᠦᠨᠦᠷ ᠠᠮᠲᠠ ᠶᠢᠨ ᠬᠥᠭᠡᠭᠡᠴᠡᠯᠳᠦᠯ ᠠᠴᠠ ᠰᠢᠮ᠎ᠡ ᠲᠡᠵᠢᠭᠡᠯ ᠤᠨ ᠵᠣᠬᠢᠴᠠᠯ ᠨᠡᠩ ᠴᠢᠬᠤᠯᠠ
ᠨᠡᠶᠢᠲᠡᠯᠡᠭᠰᠡᠨ ᠴᠠᠭ᠄
2025/1/10
       ᠬᠥᠮᠥᠨ ᠲᠥᠷᠥᠯᠬᠢᠲᠡᠨ ᠤ ᠢᠳᠡᠭᠡᠨ ᠤᠮᠳᠠᠭᠠᠨ ᠤ ᠰᠣᠶᠣᠯ ᠠᠴᠠ ᠠᠪᠴᠤ ᠦᠵᠡᠪᠡᠯ᠂ ᠶᠠᠮᠠᠷᠪᠠ ᠤᠯᠤᠰ ᠣᠷᠣᠨ ᠬᠢᠭᠡᠳ ᠶᠠᠰᠤᠳᠠᠨ ᠦᠨᠳᠦᠰᠦᠲᠡᠨ ᠳᠤ ᠭᠡᠰᠡᠨ ᠦᠭᠡᠢ᠂ ᠰᠢᠮ᠎ᠡ ᠲᠡᠵᠢᠭᠡᠯ ᠪᠠ ᠦᠨᠦᠷ ᠠᠮᠲᠠ ᠪᠦᠷ ᠯᠡ ᠬᠠᠮᠤᠭ ᠤᠨ ᠦᠨᠳᠦᠰᠦᠨ ᠡᠯᠧᠮᠧᠨ᠋ᠲ᠂ ︽ᠠᠮᠲᠠ ᠲᠠᠢ ᠪᠥᠭᠡᠳ ᠰᠢᠮᠳᠠ ᠲᠠᠢ︾ ᠪᠠᠶᠢᠳᠠᠭ ᠨᠢ ᠬᠥᠮᠥᠰ ᠤᠨ ᠢᠳᠡᠭᠡᠨ ᠤᠮᠳᠠᠭᠠᠨ ᠤ ᠬᠦᠰᠡᠯ ᠬᠥᠭᠡᠭᠡᠴᠡᠯᠳᠦᠯ ᠪᠥᠭᠡᠳ ᠢᠳᠡᠭᠡᠨ ᠤᠮᠳᠠᠭᠠᠨ ᠤ ᠰᠣᠶᠣᠯ‌‍ᠤᠨ ᠡᠶ᠎ᠡ ᠵᠣᠬᠢᠴᠠᠩᠭᠤᠢ ᠣᠷᠣᠰᠢᠯ ᠪᠠᠶᠢᠬᠤ ᠶᠣᠰᠣᠲᠠᠢ᠃ ᠭᠡᠲᠡᠯ᠎ᠡ ᠨᠡᠶᠢᠭᠡᠮ ᠤᠨ ᠬᠥᠭᠵᠢᠯᠲᠡ᠂ ᠠᠮᠢᠳᠤᠷᠠᠯ ᠤᠨ ᠭᠡᠯᠪᠡᠷᠢ ᠶᠢᠨ ᠰᠢᠨ᠎ᠡ ᠬᠤᠪᠢᠷᠠᠯᠲᠠ ᠶᠢ ᠳᠠᠭᠠᠯᠳᠤᠨ᠂ ᠲᠦᠭᠦᠮ ᠢᠳᠡᠭᠡᠨ᠂ ᠲᠦᠷᠭᠡᠨ ᠬᠤᠭᠤᠯᠠ ᠶᠢᠨ ︽ᠦᠶᠡᠷᠯᠡᠯ︾ ᠠᠴᠠ ᠪᠣᠯᠵᠤ᠂ ᠬᠥᠮᠥᠰ ᠤᠨ ᠢᠳᠡᠭᠡᠨ ᠤᠮᠳᠠᠭᠠᠨ ᠤ ᠭᠡᠯᠪᠡᠷᠢ᠂ ᠪᠦᠲᠦᠴᠡ᠂ ᠠᠭᠤᠯᠭ᠎ᠠ᠂ ᠬᠦᠷᠢᠶ᠎ᠡ ᠴᠠᠷᠠᠭᠠᠨ ᠳᠤ ᠯᠤᠲᠤ ᠶᠡᠭᠡ ᠬᠤᠪᠢᠷᠠᠯᠲᠠ ᠭᠠᠷᠤᠭᠰᠠᠨ ᠪᠠᠶᠢᠨ᠎ᠠ᠃           ︽ᠥᠷᠯᠥᠭᠡ ᠶᠢᠨ ᠬᠤᠭᠤᠯᠠ ᠪᠠᠨ ᠰᠠᠶᠢᠲᠤᠷ ᠢᠳᠡᠵᠦ᠂ ᠦᠳᠡ ᠶᠢᠨ ᠬᠤᠭᠤᠯᠠ ᠪᠠᠨ ᠴᠠᠳᠲᠠᠯ᠎ᠠ ᠢᠳᠡᠵᠦ᠂ ᠦᠳᠡᠰᠢ ᠶᠢᠨ ᠬᠤᠭᠤᠯᠠ ᠪᠠᠨ ᠵᠣᠬᠢᠰᠲᠠᠢ ᠢᠳᠡᠬᠦ︾ ᠨᠢ ᠡᠷᠲᠡᠨ ᠡᠳᠦᠭᠡ ᠶᠢᠨ ᠡᠷᠳᠡᠮᠲᠡᠨ ᠮᠡᠷᠭᠡᠵᠢᠯᠲᠡᠨ ᠤ ᠤᠷᠳᠤ ᠬᠤᠭᠤᠴᠠᠭᠠᠨ ᠤ ᠠᠮᠢᠳᠤᠷᠠᠯ ᠦᠢᠯᠡᠳᠦᠯᠭᠡ ᠶᠢᠨ ᠳᠤᠮᠳᠠ ᠠᠴᠠ ᠬᠤᠷᠠᠮᠳᠤᠭᠤᠯᠤᠭᠰᠠᠨ ᠨᠠᠨᠳᠢᠨ ᠲᠤᠷᠰᠢᠯᠭ᠎ᠠ ᠪᠣᠯᠤᠭᠰᠠᠨ ᠪᠠᠶᠢᠳᠠᠭ᠃ ᠭᠡᠲᠡᠯ᠎ᠡ ︽ᠥᠷᠯᠥᠭᠡ ᠶᠢᠨ ᠬᠤᠭᠤᠯᠠ ᠪᠠᠨ ᠤᠮᠳᠤᠭᠠᠶᠢᠯᠠᠬᠤ᠂ ᠦᠳᠡ ᠶᠢᠨ ᠬᠤᠭᠤᠯᠠ ᠪᠠᠨ ᠠᠷᠭᠠᠴᠠᠭᠠᠬᠤ᠂ ᠦᠳᠡᠰᠢ ᠶᠢᠨ ᠬᠤᠭᠤᠯᠠ ᠪᠠᠨ ᠴᠢᠬᠤᠯᠠᠴᠢᠯᠠᠬᠤ︾ ᠦᠵᠡᠭᠳᠡᠯ ᠪᠠᠭ᠎ᠠ ᠪᠤᠰᠤ ᠬᠠᠷᠠᠭᠳᠠᠵᠤ᠂ ᠢᠯᠠᠩᠭᠤᠶ᠎ᠠ ᠰᠤᠷᠤᠬᠴᠢ ᠶᠢᠨ ᠳᠤᠮᠳᠠ ᠲᠦᠭᠡᠮᠡᠯ ᠣᠷᠣᠰᠢᠵᠤ ᠪᠤᠢ᠃           ᠣᠯᠠᠩᠬᠢ ᠬᠥᠮᠥᠨ ᠢᠳᠡᠭᠡᠨ ᠤᠮᠳᠠᠭᠠᠨ ᠤ ᠲᠡᠩᠴᠡᠭᠦᠷᠢᠰᠢᠯ ᠤᠨ ᠴᠢᠬᠤᠯᠠ ᠴᠢᠨᠠᠷ ᠢ ᠮᠡᠳᠡᠷᠡᠨ ᠣᠶᠢᠯᠠᠭᠠᠳᠠᠭ ᠪᠤᠯᠪᠠᠴᠤ ᠡᠷᠡᠭᠦᠯ ᠴᠢᠭᠢᠷᠠᠭ ᠢᠳᠡᠭᠡᠨ ᠤᠮᠳᠠᠭᠠᠨ ᠤ ᠵᠦᠢ ᠵᠣᠬᠢᠴᠠᠯ ᠢ ᠦᠢᠯᠡᠳᠦᠯᠭᠡᠵᠢᠭᠦᠯᠬᠦ ᠦᠭᠡᠢ ᠬᠠᠷᠢᠨ ᠠᠩᠬᠢᠯᠤᠮ᠎ᠠ ᠦᠨᠦᠷ ᠠᠮᠲᠠᠲᠤ ᠢᠳᠡᠭᠡᠨ ᠤ ᠰᠢᠨᠤᠯ ᠢᠶᠠᠨ ᠦᠯᠦ ᠲᠡᠪᠴᠢᠵᠦ᠂ ᠭᠡᠳᠤ ᠤᠤᠭᠤᠵᠤ ᠬᠡᠲᠦᠷᠡᠲᠡᠯ᠎ᠡ ᠢᠳᠡᠭᠡᠳ ᠬᠡᠪᠡᠯᠢ ᠭᠡᠳᠡᠰᠦ ᠪᠠᠨ ᠵᠣᠪᠠᠭᠠᠬᠤ᠂ ᠵᠦᠪᠭᠡᠨ ᠳᠤᠷᠠᠲᠠᠢ ᠪᠠᠨ ᠰᠣᠩᠭᠤᠵᠤ ᠢᠳᠡᠭᠡᠳ ᠰᠣᠬᠤᠷ ᠪᠠᠯᠠᠢ ᠪᠠᠷ ᠨᠥᠬᠦᠪᠦᠷᠢᠯᠡᠭᠡᠳ ᠡᠷᠡᠭᠦᠯ ᠮᠡᠨᠳᠤ ᠪᠠᠨ ᠨᠥᠯᠥᠭᠡᠯᠡᠳᠡᠭ ᠨᠢ ᠬᠠᠷᠠᠮᠰᠠᠯᠲᠠᠢ᠃ ᠣᠷᠴᠢᠮᠬᠠᠨ᠂ ᠨᠠᠨᠵᠢᠩ ᠡᠳ᠋ ᠤᠨ ᠵᠠᠰᠠᠭ ᠤᠨ ᠶᠡᠭᠡ ᠰᠤᠷᠭᠠᠭᠤᠯᠢ ᠶᠢᠨ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠡᠭᠡᠳᠦ ᠰᠤᠷᠭᠠᠭᠤᠯᠢ ᠠᠴᠠ ᠳᠡᠭᠡᠳᠦ ᠰᠤᠷᠭᠠᠭᠤᠯᠢ ᠶᠢᠨ ᠢᠶᠠᠨ ᠰᠤᠷᠤᠬᠴᠢᠳ ᠤᠨ ᠳᠤᠮᠳᠠ ︽ᠢᠳᠡᠭᠡᠨ ᠤ ᠡᠷᠡᠭᠦᠯ ᠴᠢᠭᠢᠷᠠᠭ︾ ᠤᠨ ᠲᠤᠬᠠᠢ ᠪᠠᠶᠢᠴᠠᠭᠠᠯᠲᠠ ᠬᠢᠵᠡᠢ᠃ ᠪᠠᠶᠢᠴᠠᠭᠠᠯᠲᠠ ᠶᠢᠨ ᠳ᠋ᠦᠩ ᠳᠤ᠂ 83% ᠶᠢᠨ ᠣᠶᠤᠲᠠᠳ ᠢᠳᠡᠭᠡᠨ ᠤᠮᠳᠠᠭᠠᠨ ᠰᠣᠩᠭᠤᠬᠤ ᠳᠠᠭᠠᠨ ᠡᠩ ᠲᠡᠷᠢᠭᠦᠨ ᠳᠤ ᠦᠨᠦᠷ ᠠᠮᠲᠠ ᠶᠢ ᠪᠣᠳᠣᠯᠬᠢᠯᠠᠳᠠᠭ᠂ ᠵᠦᠪᠭᠡᠨ 10% ᠭᠠᠷᠤᠢ ᠶᠢᠨ ᠣᠶᠤᠲᠠᠳ ᠯᠡ ᠰᠢᠮ᠎ᠡ ᠲᠡᠵᠢᠭᠡᠯ ᠢ ᠪᠣᠳᠣᠯᠬᠢᠯᠠᠳᠠᠭ᠂ ᠡᠭᠦᠨ ᠠᠴᠠ ᠭᠠᠳᠠᠨ᠎ᠠ 75% ᠶᠢᠨ ᠣᠶᠤᠲᠠᠳ ᠰᠥᠨᠢ ᠶᠢᠨ ᠬᠤᠭᠤᠯᠠ ᠢᠳᠡᠬᠦ ᠳᠠᠳᠬᠠᠯ ᠲᠠᠢ ᠪᠥᠭᠡᠳ ᠢᠯᠠᠩᠭᠤᠶ᠎ᠠ ᠰᠢᠷᠠᠭᠰᠠᠨ ᠮᠢᠬ᠎ᠠ᠂ ᠳᠤᠰᠤᠨ ᠳᠤ ᠪᠤᠴᠠᠯᠭᠠᠭᠰᠠᠨ ᠰᠤᠯᠠ ᠢᠳᠡᠭᠡᠨ ᠢᠳᠡᠬᠦ ᠨᠢ ᠣᠯᠠᠩᠬᠢ ᠶᠢ ᠡᠵᠡᠯᠡᠳᠡᠭ ᠪᠠᠶᠢᠪᠠ᠃ ᠡᠭᠦᠨ ᠠᠴᠠ ᠪᠢᠳᠡ ︽ᠦᠨᠦᠷ ᠠᠮᠲᠠ ᠶᠢ ᠯᠡ ᠳᠡᠭᠡᠳᠦᠯᠡᠳᠡᠭ︾ ᠨᠢ ᠪᠠᠭ᠎ᠠ ᠪᠤᠰᠤ ᠣᠶᠤᠲᠠᠳ ᠤᠨ ᠬᠡᠷᠡᠭᠵᠢᠭᠦᠯᠳᠡᠭ ᠢᠳᠡᠭᠡᠨ ᠤᠮᠳᠠᠭᠠᠨ ᠤ ᠵᠢᠷᠤᠮᠯᠠᠯ ᠪᠣᠯᠵᠤ ᠪᠠᠶᠢᠭ᠎ᠠ ᠶᠢ ᠣᠯᠵᠤ ᠬᠠᠷᠠᠵᠤ ᠪᠣᠯᠣᠨ᠎ᠠ᠃           ᠦᠨᠦᠷ ᠠᠮᠲᠠ ᠶᠢ ᠬᠥᠭᠡᠭᠡᠴᠡᠯᠳᠦᠬᠦ ᠶᠢᠨ ᠬᠠᠮᠲᠤ᠂ ᠰᠢᠮ᠎ᠡ ᠲᠡᠵᠢᠭᠡᠯ ᠤᠨ ᠵᠣᠬᠢᠴᠠᠯ ᠢ ᠠᠩᠬᠠᠷᠬᠤ ᠨᠢ ᠨᠡᠩ ᠴᠢᠬᠤᠯᠠ᠃ ᠵᠠᠷᠢᠮ ᠭᠡᠷ ᠤᠨ ᠠᠬᠠᠮᠠᠳ ᠬᠡᠦᠬᠡᠳ ᠤᠨ ᠢᠶᠠᠨ ᠪᠡᠶ᠎ᠡ ᠶᠢᠨ ᠡᠷᠡᠭᠦᠯ ᠴᠢᠭᠢᠷᠠᠭ ᠲᠤ ᠭᠡᠳᠤ ᠰᠠᠨᠠᠭᠠᠰᠢᠷᠠᠨ ᠬᠡᠦᠬᠡᠳ ᠤᠨ ᠢᠳᠡᠬᠦ ᠳᠤᠷᠠᠲᠠᠢ ᠢᠳᠡᠭᠡᠨ ᠤᠮᠳᠠᠭᠠᠨ ᠢ ᠯᠡ ᠴᠢᠬᠤᠯᠠᠴᠢᠯᠠᠨ᠂ ᠰᠢᠮ᠎ᠡ ᠲᠡᠵᠢᠭᠡᠯ ᠤᠨ ᠵᠣᠬᠢᠴᠠᠯ ᠢ ᠠᠩᠬᠠᠷᠬᠤ ᠦᠭᠡᠢ ᠠᠴᠠ ᠪᠣᠯᠵᠤ᠂ ᠭᠡᠳᠤ ᠮᠠᠷᠢᠶᠠᠯᠠᠬᠤ᠂ ᠢᠳᠡᠭᠡᠨ ᠢ ᠭᠤᠯᠣᠬᠤ᠂ ᠢᠳᠡᠭᠡᠨ ᠢ ᠰᠣᠩᠭᠤᠬᠤ ᠦᠵᠡᠭᠳᠡᠯ ᠵᠥᠩᠳᠡᠭᠡᠨ ᠣᠷᠣᠰᠢᠵᠤ ᠪᠠᠶᠢᠳᠠᠭ᠃ ᠨᠡᠩ ᠴᠢᠨᠠᠭᠰᠢᠯᠠᠨ ᠵᠠᠷᠢᠮ ᠬᠡᠦᠬᠡᠳ ᠪᠠᠭᠠᠴᠤᠳ ᠠᠮᠲᠠᠲᠤ ᠤᠮᠳᠠᠭᠠᠨ ᠢᠶᠠᠷ ᠤᠰᠤ ᠶᠢ ᠣᠷᠣᠯᠠᠭᠤᠯᠤᠨ ᠤᠤᠭᠤᠬᠤ᠂ ᠲᠣᠰᠣᠯᠢᠭ᠂ ᠰᠢᠬᠢᠷᠯᠢᠭ᠂ ᠥᠨᠳᠥᠷ ᠥᠭᠡᠬᠦ ᠲᠠᠢ᠂ ᠥᠨᠳᠥᠷ ᠡᠨᠧᠷᠭᠢ ᠲᠠᠢ᠂ ᠥᠨᠳᠥᠷ ᠤᠭᠤᠷᠠᠭᠲᠤ ᠢᠳᠡᠭᠡᠨ ᠳᠤ ᠯᠡ ︽ᠰᠢᠨᠤᠬᠠᠶᠢᠷᠠᠳᠠᠭ︾ ᠠᠴᠠ ᠪᠣᠯᠵᠤ ᠬᠡᠦᠬᠡᠳ ᠪᠠᠭᠠᠴᠤᠳ ᠭᠡᠳᠤ ᠮᠠᠷᠢᠶᠠᠯᠠᠬᠤ ᠨᠤᠷᠮ᠎ᠠ ᠵᠢᠯ ᠠᠴᠠ ᠵᠢᠯ ᠨᠡᠮᠡᠭᠳᠡᠨ᠂ ᠴᠢᠰᠤᠨ ᠤ ᠥᠭᠡᠬᠦ ᠥᠨᠳᠥᠷ ᠪᠤᠯᠬᠤ᠂ ᠴᠢᠰᠤᠨ ᠳᠠᠷᠤᠯᠲᠠ ᠥᠨᠳᠥᠷ ᠪᠤᠯᠬᠤ᠂ ᠥᠭᠡᠬᠦᠯᠡᠭᠰᠡᠨ ᠡᠯᠢᠭᠡ ᠶᠢᠨ ᠡᠪᠡᠳᠴᠢᠨ ᠡᠭᠦᠰᠬᠦ ᠨᠠᠰᠤ ᠶᠠᠪᠤᠬᠤ ᠳᠤᠳᠤᠮ ᠳᠣᠷᠣᠭᠰᠢᠯᠠᠬᠤ ᠬᠠᠨᠳᠤᠰᠢ ᠲᠠᠢ ᠪᠣᠯᠵᠤ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ︽ᠳᠤᠮᠳᠠᠳᠤ ᠤᠯᠤᠰ ᠤᠨ ᠬᠡᠦᠬᠡᠳ ᠪᠠᠭᠠᠴᠤᠳ ᠤᠨ ᠰᠢᠮ᠎ᠡ ᠲᠡᠵᠢᠭᠡᠯ ᠪᠠ ᠡᠷᠡᠭᠦᠯ ᠴᠢᠭᠢᠷᠠᠭ ᠤᠨ ᠮᠡᠳᠡᠭᠦᠯᠦᠯᠲᠡ︾ ᠳᠤ 1985 ᠣᠨ ᠠᠴᠠ 2014 ᠣᠨ ᠪᠤᠯᠳᠠᠯᠠᠭᠢ 30 ᠵᠢᠯ ᠤᠨ ᠲᠤᠷᠰᠢ᠂ ᠮᠠᠨ ᠤ ᠤᠯᠤᠰ ᠤᠨ ᠡᠷᠡᠭᠲᠡᠢ ᠬᠡᠦᠬᠡᠳ ᠪᠠᠭᠠᠴᠤᠳ ᠤᠨ ᠮᠠᠷᠢᠶᠠᠯᠢᠭ ᠤᠨ ᠪᠠᠶᠢᠴᠠᠭᠠᠯᠲᠠ ᠶᠢᠨ ᠨᠤᠷᠮ᠎ᠠ 0.2% ᠪᠠᠶᠢᠭᠰᠠᠨ ᠠᠴᠠ ᠪᠠᠨ 11.1% ᠪᠣᠯᠣᠨ ᠨᠡᠮᠡᠭᠳᠡᠭᠰᠡᠨ ᠪᠠᠶᠢᠨ᠎ᠠ᠃           ᠰᠢᠮ᠎ᠡ ᠲᠡᠵᠢᠭᠡᠯ ᠪᠣᠯ ᠡᠷᠡᠭᠦᠯ ᠴᠢᠭᠢᠷᠠᠭ ᠤᠨ ᠦᠨᠳᠦᠰᠦ᠂ ᠢᠳᠡᠭᠡᠨ ᠤᠮᠳᠠᠭᠠᠨ ᠪᠣᠯ ᠰᠢᠮ᠎ᠡ ᠲᠡᠵᠢᠭᠡᠯ ᠤᠨ ᠢᠷᠡᠯᠲᠡ ᠪᠣᠯᠣᠨ᠎ᠠ᠃ ᠤᠯᠠᠨ ᠢᠶᠠᠷ ᠢᠶᠠᠨ ᠰᠢᠨᠵᠢᠯᠡᠬᠦ ᠤᠬᠠᠭᠠᠨᠴᠢ ᠰᠢᠮ᠎ᠡ ᠲᠡᠵᠢᠭᠡᠯ ᠤᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠨ ᠦᠢᠯᠡᠳᠦᠯᠭᠡᠵᠢᠭᠦᠯᠵᠦ᠂ ᠲᠡᠩᠴᠡᠭᠦᠷᠢᠲᠡᠢ ᠪᠥᠭᠡᠳ ᠵᠦᠢ ᠵᠣᠬᠢᠰᠲᠠᠢ ᠢᠳᠡᠭᠡᠨ ᠤᠮᠳᠠᠭᠠᠨ ᠤ ᠰᠠᠶᠢᠨ ᠰᠠᠶᠢᠬᠠᠨ ᠵᠠᠩ ᠳᠠᠳᠬᠠᠯ ᠢ ᠪᠤᠢ ᠪᠣᠯᠭᠠᠶ᠎ᠠ︕    
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ