ᠠᠮᠢ ᠠᠬᠤᠢ ᠶᠢ ᠬᠠᠮᠠᠭᠠᠯᠠᠬᠤ ᠪᠣᠯ ᠪᠢᠳᠡᠨ ᠤ ᠲᠠᠷᠬᠠᠨ ᠬᠠᠷᠢᠭᠤᠴᠠᠯᠭ᠎ᠠ ᠮᠥᠨ
ᠨᠡᠶᠢᠲᠡᠯᠡᠭᠰᠡᠨ ᠴᠠᠭ᠄
2025/1/10
       ᠨᠣᠭᠤᠭᠠᠨ ᠥᠩᠭᠡ ᠪᠣᠯ ᠥᠪᠥᠷ ᠮᠣᠩᠭᠤᠯ ᠤᠨ ᠳᠡᠪᠢᠰᠬᠡᠷ ᠥᠩᠭᠡ ᠪᠥᠭᠡᠳ ᠲᠦᠷᠦᠯ ᠲᠡᠮᠳᠡᠭ ᠮᠥᠨ᠃ ᠠᠮᠢ ᠠᠬᠤᠢ ᠪᠠᠨ ᠬᠠᠮᠠᠭᠠᠯᠠᠬᠤ ᠨᠢ ᠥᠪᠥᠷ ᠮᠣᠩᠭᠤᠯᠴᠤᠳ ᠤᠨ ᠬᠠᠷᠢᠭᠤᠴᠠᠯᠭ᠎ᠠ ᠪᠥᠭᠡᠳ ᠲᠠᠯᠲᠠ ᠬᠦᠴᠦᠨ ᠮᠥᠨ᠃       ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠮᠠᠨ ᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠠᠵᠢᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠤᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠡᠢ᠃ ᠨᠠᠨ ᠵᠢᠯ ᠤᠨ ᠬᠤᠶᠠᠷ ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ ᠰᠢᠯᠢ ᠶᠢᠨ ᠭᠤᠣᠯ ᠠᠶᠢᠮᠠᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠤᠬᠠᠢ ᠬᠠᠷᠢᠭᠤ ᠮᠡᠳᠡᠭᠦᠯᠦᠭᠰᠡᠨ᠄ ᠪᠦᠭᠦ ᠠᠶᠢᠮᠠᠭ ᠤᠨ 60% ᠠᠴᠠ ᠳᠡᠭᠡᠭᠰᠢᠬᠢ ᠣᠷᠣᠨ ᠪᠦᠰᠡ ᠶᠢ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠣᠷᠣᠭᠤᠯᠵᠤ᠂ ᠲᠠᠯ᠎ᠠ ᠨᠤᠲᠤᠭ ᠲᠤ ᠳᠠᠭᠢᠵᠥ ᠰᠢᠨ᠎ᠡ ᠪᠠᠷ ᠠᠭᠤᠷᠬᠠᠢ ᠨᠡᠭᠡᠭᠡᠬᠦ ᠳᠦᠷᠦᠯ ᠵᠦᠢᠯ ᠢ ᠤᠷᠤᠭᠤᠯᠬᠤ ᠦᠭᠡᠢ ᠭᠡᠰᠡᠨ ᠢ ᠰᠣᠨᠣᠰᠤᠭᠠᠳ ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ ︽ᠳᠡᠷᠡ ᠬᠡᠪ ᠢᠶᠠᠷ ᠨᠢ ᠦᠯᠡᠳᠡᠭᠡ᠂ ᠦᠷ᠎ᠡ ᠬᠤᠶᠢᠴᠢᠰ ᠲᠤ ᠥᠪ ᠪᠤᠯᠬᠤ ᠶᠤᠮ︾ ᠭᠡᠵᠦ ᠬᠡᠯᠡᠭᠰᠡᠨ ᠪᠠᠶᠢᠨ᠎ᠠ᠃       ᠲᠠᠯ᠎ᠠ ᠨᠤᠲᠤᠭ ᠤᠨ ᠠᠷᠠᠳ ᠲᠦᠮᠡᠨ ᠡᠷᠲᠡ ᠳᠡᠭᠡᠳᠦ ᠠᠴᠠ ᠪᠠᠨ ᠠᠪᠤᠭᠠᠳ ᠡᠪᠡᠰᠦᠨ ᠤ ᠰᠣᠷᠭᠤᠭ᠂ ᠤᠰᠤᠨ ᠤ ᠲᠤᠩᠭᠠᠯᠠᠭ ᠢ ᠰᠣᠩᠭᠤᠨ ᠨᠡᠭᠦᠳᠡᠯᠯᠡᠵᠦ᠂ ᠲᠦᠷᠪᠡᠨ ᠤᠯᠠᠷᠢᠯ ᠢᠶᠠᠷ ᠡᠭᠡᠯᠵᠢᠯᠡᠨ ᠮᠠᠯᠵᠢᠵᠤ᠂ ᠠᠮᠢ ᠠᠬᠤᠢ ᠪᠠᠨ ᠥᠪᠡᠷ ᠤᠨ ᠣᠷᠣᠰᠢᠨ ᠠᠮᠢᠳᠤᠷᠠᠵᠤ᠂ ᠦᠷᠡᠵᠢᠨ ᠥᠰᠬᠦ᠂ ᠬᠥᠭᠵᠢᠨ ᠪᠤᠵᠠᠭᠠᠶᠢᠷᠠᠬᠤ ᠶᠢᠨ ᠬᠠᠯᠠᠭᠤᠨ ᠳᠤᠯᠠᠭᠠᠨ ᠥᠯᠥᠭᠡᠢ ᠪᠤᠯᠭᠠᠵᠤ᠂ ᠠᠭᠤᠯᠠ ᠬᠠᠶᠢᠷᠬᠠᠨ ᠢ ᠡᠬᠡ ᠭᠠᠵᠠᠷ ᠤᠨ ᠲᠡᠷᠢᠭᠦᠨ᠂ ᠣᠪᠣᠭ᠎ᠠ ᠱᠠᠩᠰᠢ ᠶᠢ ᠨᠠᠪᠳᠠᠭ ᠰᠠᠪᠳᠠᠭ᠂ ᠤᠰᠤ ᠪᠤᠯᠠᠭ ᠢ ᠬᠡᠷᠡᠯᠳᠦ ᠴᠡᠴᠡᠭᠡᠢ᠂ ᠭᠤᠣᠯ ᠨᠠᠭᠤᠷ ᠢ ᠴᠢᠰᠤᠨ ᠰᠤᠳᠠᠯ᠂ ᠬᠥᠳᠡᠭᠡ ᠲᠠᠯ᠎ᠠ ᠶᠢ ᠰᠣᠯᠣᠩᠭᠠᠨ ᠥᠩᠭᠡᠲᠦ ᠬᠤᠪᠴᠠᠰᠤ᠂ ᠬᠥᠷᠥᠰᠥ ᠰᠢᠷᠣᠢ ᠶᠢ ᠥᠩ ᠵᠤᠵᠠᠭᠠᠨ ᠠᠷᠠᠰᠤ᠂ ᠤᠢ ᠰᠢᠭᠤᠢ ᠶᠢ ᠬᠡᠵᠢᠶᠡᠳᠡ ᠬᠠᠯᠴᠠᠭᠠᠶᠢᠷᠠᠳᠠᠭ ᠦᠭᠡᠢ ᠥᠳᠬᠡᠨ ᠦᠰᠦ᠂ ᠠᠮᠢᠳᠠᠨ ᠭᠥᠷᠥᠭᠡᠰᠦ ᠶᠢ ᠡᠷᠬᠢᠮ ᠬᠦᠨᠳᠦᠲᠦ ᠵᠣᠴᠢᠨ ᠨᠢ ᠬᠡᠮᠡᠨ ᠠᠮᠢ ᠠᠬᠤᠢ᠂ ᠡᠬᠡ ᠪᠠᠶᠢᠭᠠᠯᠢ ᠪᠠᠨ ᠡᠷᠬᠢᠮᠯᠡᠨ ᠬᠠᠶᠢᠷᠠᠯᠠᠵᠤ ᠡᠨᠡᠷᠢᠨ ᠬᠠᠮᠠᠭᠠᠯᠠᠭᠰᠠᠭᠠᠷ ᠤᠳᠤ ᠳᠤ ᠬᠦᠷᠴᠦ᠂ ᠡᠬᠡ ᠤᠯᠤᠰ ᠤᠨ ᠤᠮᠠᠷᠠᠲᠤ ᠶᠢᠨ ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠪᠠᠲᠤ ᠰᠠᠬᠢᠭᠰᠠᠭᠠᠷ ᠢᠷᠡᠪᠡ᠃       ᠰᠢᠨ᠎ᠡ ᠴᠠᠭ ᠦᠶ᠎ᠡ ᠳᠤ᠂ ᠪᠢᠳᠡ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠲᠡᠭᠡᠭᠰᠢᠯᠡᠭᠦᠯᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠥᠪᠥᠷ ᠮᠣᠩᠭᠤᠯ ᠤᠨ ᠪᠣᠳᠠᠲᠠᠢ ᠪᠠᠶᠢᠳᠠᠯ ᠲᠠᠢ ᠤᠶᠠᠯᠳᠤᠭᠤᠯᠤᠨ᠂ ᠠᠵᠢᠯ ᠤᠨ ᠳᠤᠮᠳᠠ ᠪᠠᠨ ᠦᠨᠡᠨ ᠬᠦ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ ᠦᠢᠯᠡᠳᠦᠯᠭᠡᠵᠢᠭᠦᠯᠵᠦ᠂ ᠴᠡᠯᠮᠡᠭ ᠣᠭᠲᠠᠷᠭᠤᠢ᠂ ᠨᠣᠮᠢᠨ ᠲᠠᠯ᠎ᠠ᠂ ᠴᠡᠩᠭᠡᠭ ᠤᠰᠤ ᠲᠠᠢ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠵᠤ᠂ ᠠᠮᠢ ᠠᠬᠤᠢ ᠪᠠᠨ ᠨᠢᠳᠦᠨ ᠤ ᠪᠠᠨ ᠴᠡᠴᠡᠭᠡᠢ ᠰᠢᠭ ᠢᠶᠠᠨ ᠬᠠᠶᠢᠷᠠᠯᠠᠨ ᠬᠠᠮᠠᠭᠠᠯᠠᠵᠤ᠂ ᠦᠷ᠎ᠡ ᠬᠤᠶᠢᠴᠢᠰ ᠲᠠᠭᠠᠨ ᠥᠨᠢ ᠡᠭᠦᠷᠢᠳᠡ ᠶᠢᠨ ᠦᠷᠭᠦᠯᠵᠢᠯᠡᠬᠦ ᠬᠥᠭᠵᠢᠯᠲᠡ ᠶᠢᠨ ᠰᠢᠨ᠎ᠡ ᠵᠠᠮ ᠢ ᠨᠡᠭᠡᠭᠡᠨ ᠥᠭᠬᠦ ᠪᠠᠷ ᠴᠢᠷᠮᠠᠶᠢᠬᠤ ᠨᠢ ᠵᠦᠢᠲᠡᠢ᠃       ᠠᠮᠢ ᠠᠬᠤᠢ ᠬᠥᠭᠵᠢᠪᠡᠯ ᠪᠣᠯᠪᠠᠰᠤᠨ ᠬᠥᠭᠵᠢᠨ᠎ᠡ᠂ ᠠᠮᠢ ᠠᠬᠤᠢ ᠶᠢᠨ ᠪᠣᠯᠪᠠᠰᠤᠨ ᠪᠣᠯ ᠬᠥᠮᠥᠨ ᠲᠥᠷᠥᠯᠬᠢᠲᠡᠨ ᠤ ᠪᠣᠯᠪᠠᠰᠤᠨ ᠤ ᠬᠥᠭᠵᠢᠯᠲᠡ ᠵᠣᠬᠢᠬᠤ ᠱᠠᠲᠤᠨ ᠳᠤ ᠭᠦᠷᠦᠭᠰᠡᠨ ᠦᠷ᠎ᠡ ᠪᠦᠲᠦᠭᠡᠯ ᠮᠥᠨ ᠪᠥᠭᠡᠳ ᠬᠥᠮᠥᠨ ᠲᠥᠷᠥᠯᠬᠢᠲᠡᠨ ᠬᠢᠭᠡᠳ ᠡᠬᠡ ᠪᠠᠶᠢᠭᠠᠯᠢ ᠶᠢᠨ ᠡᠶ᠎ᠡ ᠵᠣᠬᠢᠴᠠᠯ ᠤᠨ ᠬᠡᠮᠵᠢᠶ᠎ᠡ ᠶᠢ ᠲᠤᠰᠬᠠᠭᠰᠠᠨ ᠪᠣᠯᠪᠠᠰᠤᠨ ᠤ ᠭᠡᠯᠪᠡᠷᠢ ᠮᠥᠨ᠃ ᠠᠮᠢ ᠠᠬᠤᠢ ᠶᠢᠨ ᠪᠣᠯᠪᠠᠰᠤᠨ ᠤ ᠵᠢᠳᠬᠦᠯ ᠴᠢᠷᠮᠠᠶᠢᠯᠭ᠎ᠠ ᠨᠢ ᠤᠳᠤ ᠦᠶ᠎ᠡ ᠳᠤ ᠪᠠᠶᠢᠵᠤ᠂ ᠠᠰᠢᠭ ᠲᠤᠰᠠ ᠨᠢ ᠥᠨᠢ ᠡᠭᠦᠷᠢᠳᠡ ᠣᠷᠣᠰᠢᠬᠤ ᠶᠣᠰᠣᠲᠠᠢ︕ ᠪᠢᠳᠠ ᠪᠦᠭᠦᠳᠡᠭᠡᠷ ᠢᠶᠠᠨ ᠠᠮᠢ ᠠᠬᠤᠢ ᠪᠠᠨ ᠬᠠᠮᠠᠭᠠᠯᠠᠵᠤ᠂ ᠨᠣᠮᠢᠨ ᠨᠣᠭᠤᠭᠠᠨ᠂ ᠠᠷᠢᠭᠤᠨ ᠲᠠᠷᠬᠠᠨ ᠬᠡᠪ ᠢᠶᠠᠷ ᠨᠢ ᠪᠠᠶᠢᠯᠭᠠᠶ᠎ᠠ︕   
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ