ᠰᠢᠨᠵᠢᠯᠡᠬᠦ ᠤᠬᠠᠭᠠᠨᠴᠢ ᠪᠠᠷ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠶ᠎ᠠ
ᠨᠡᠶᠢᠲᠡᠯᠡᠭᠰᠡᠨ ᠴᠠᠭ᠄
2025/1/10
       ᠣᠳᠣᠬᠠᠨ ᠳᠤ ᠣᠯᠠᠩᠬᠢ ᠬᠥᠮᠥᠰ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠤᠯᠴᠠᠬᠤ ᠶᠢᠨ ᠴᠢᠬᠤᠯᠠ ᠴᠢᠨᠠᠷ ᠢ ᠲᠠᠨᠢᠭᠰᠠᠨ ᠪᠠᠶᠢᠳᠠᠭ᠃ ᠪᠡᠶ᠎ᠡ ᠪᠠᠨ ᠳᠠᠪᠲᠠᠨ ᠪᠤᠯᠪᠠᠰᠤᠷᠠᠭᠤᠯᠵᠤ᠂ ᠪᠡᠶ᠎ᠡ ᠰᠡᠳᠬᠢᠯ ᠤᠨ ᠡᠷᠡᠭᠦᠯ ᠮᠡᠨᠳᠦ ᠪᠠ ᠭᠠᠯᠪᠢᠷ ᠰᠠᠶᠢᠬᠠᠨ ᠪᠡᠶ᠎ᠡ ᠴᠣᠭᠴᠠ ᠲᠠᠢ ᠪᠤᠯᠬᠤ ᠨᠢ ᠣᠳᠣᠬᠢ ᠬᠥᠮᠥᠰ ᠤᠨ ᠠᠮᠢᠳᠤᠷᠠᠯ ᠳᠤᠮᠳᠠᠬᠢ ᠳᠤᠲᠠᠵᠤ ᠪᠣᠯᠣᠰᠢ ᠦᠭᠡᠢ ᠬᠥᠭᠡᠭᠡᠴᠡᠯᠳᠦᠯ ᠪᠣᠯᠵᠤ ᠪᠠᠶᠢᠨ᠎ᠠ᠃ ᠭᠡᠪᠡᠴᠦ ᠬᠥᠮᠥᠰ ᠤᠨ ᠬᠡᠷᠡᠭᠴᠡᠭᠡ ᠶᠢ ᠳᠠᠭᠠᠯᠳᠤᠨ ᠪᠠᠰᠠ ᠨᠢᠭᠡ ᠪᠦᠯᠦᠭ ᠰᠣᠬᠤᠷ ᠪᠠᠯᠠᠢ ᠪᠠᠷ ᠲᠠᠮᠢᠷ ᠤᠨ ᠬᠥᠳᠡᠯᠭᠡᠭᠡᠨ ᠬᠢᠬᠦ ᠤᠷᠤᠰᠬᠠᠯ᠂ ︽ᠬᠠᠭᠤᠷᠮᠠᠭ ᠰᠢᠨᠵᠢᠯᠡᠬᠦ ᠤᠬᠠᠭᠠᠨᠴᠢ︾ ᠲᠠᠮᠢᠷ ᠤᠨ ᠬᠥᠳᠡᠯᠭᠡᠭᠡᠨ ᠥᠷᠨᠢᠵᠦ᠂ ᠣᠷᠣᠯᠴᠠᠭᠴᠢᠳ ᠭᠡᠳᠡᠷᠭᠦ ᠪᠠᠨ ᠡᠳᠦᠢ ᠲᠡᠳᠦᠢ ᠡᠷᠡᠭᠦᠯ ᠮᠡᠨᠳᠦ ᠶᠢᠨ ᠠᠰᠠᠭᠤᠳᠠᠯ ᠳᠤ ᠲᠤᠯᠭᠠᠷᠠᠵᠤ ᠪᠠᠶᠢᠨ᠎ᠠ᠃ ᠡᠨᠡ ᠬᠦ ᠪᠠᠶᠢᠳᠠᠯ ᠳᠤ ᠪᠢᠳᠡ ᠡᠷᠭᠡᠪᠡᠰᠢ ᠰᠢᠨᠵᠢᠯᠡᠬᠦ ᠤᠬᠠᠭᠠᠨ ᠤ ᠮᠡᠳᠡᠯᠭᠡ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠵᠥᠪ ᠢᠶᠠᠷ ᠲᠠᠨᠢᠵᠤ᠂ ᠵᠥᠪ ᠢᠶᠠᠷ ᠣᠷᠤᠯᠴᠠᠬᠤ ᠨᠢ ᠴᠢᠬᠤᠯᠠ ᠶᠤᠮ᠃       ᠰᠢᠨᠵᠢᠯᠡᠬᠦ ᠤᠬᠠᠭᠠᠨ ᠤ ᠳᠠᠪᠰᠢᠯᠳᠠ ᠨᠢ ᠪᠢᠳᠡᠨ ᠤ ᠠᠮᠢᠳᠤᠷᠠᠯ ᠤᠨ ᠠᠷᠭ᠎ᠠ ᠭᠡᠯᠪᠡᠷᠢ ᠶᠢ ᠬᠤᠪᠢᠷᠠᠭᠤᠯᠵᠤ ᠪᠠᠶᠢᠬᠤ ᠪᠠᠷ ᠪᠠᠷᠠᠬᠤ ᠦᠭᠡᠢ ᠪᠢᠳᠡᠨ ᠤ ᠪᠡᠶ᠎ᠡ ᠪᠠᠨ ᠳᠠᠪᠲᠠᠨ ᠪᠤᠯᠪᠠᠰᠤᠷᠠᠭᠤᠯᠬᠤ ᠠᠷᠭ᠎ᠠ ᠭᠡᠯᠪᠡᠷᠢ ᠶᠢ ᠴᠤ ᠬᠤᠪᠢᠷᠠᠭᠤᠯᠵᠤ ᠪᠠᠶᠢᠨ᠎ᠠ᠃ ᠢᠨᠲ᠋ᠧᠷ ᠰᠦᠯᠵᠢᠶ᠎ᠡ ᠪᠣᠯᠣᠨ ᠭᠠᠷ ᠤᠲᠠᠰᠤ ᠤᠯᠠᠨ ᠬᠥᠮᠥᠰ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠤᠯᠴᠠᠬᠤ ᠠᠷᠭ᠎ᠠ ᠭᠡᠯᠪᠡᠷᠢ ᠶᠢ ᠬᠤᠪᠢᠷᠠᠭᠤᠯᠵᠤ᠂ ᠨᠡᠩ ᠤᠯᠠᠨ ᠮᠡᠳᠡᠭᠡ ᠵᠠᠩᠭᠢ ᠶᠢ ᠭᠥᠯᠢᠶᠡᠨ ᠠᠪᠬᠤ ᠪᠣᠯᠭᠠᠵᠠᠢ᠂ ᠭᠡᠪᠡᠴᠦ ᠡᠨᠡ ᠨᠢ ᠪᠠᠰᠠ ᠤᠯᠠᠨ ᠨᠠᠵᠠᠭᠠᠢ ᠲᠠᠯ᠎ᠠ ᠠᠪᠴᠢᠷᠠᠭᠰᠠᠨ ᠪᠠᠶᠢᠳᠠᠭ᠃ ᠭᠡᠳᠡᠰᠦᠨ ᠤ ᠮᠠᠷᠢᠶ᠎ᠠ ᠰᠢᠭᠤᠷᠠᠭᠤᠯᠬᠤ ᠬᠥᠳᠡᠯᠭᠡᠭᠡᠨ ᠰᠦᠯᠵᠢᠶᠡᠨ ᠳᠡᠭᠡᠷ᠎ᠡ ᠣᠷᠴᠢᠮᠬᠠᠨ ᠶᠡᠭᠡ ᠯᠡ ᠳᠡᠯᠭᠡᠷᠡᠵᠦ᠂ ᠥᠲᠡᠯᠦᠭᠰᠡᠨ ᠵᠠᠯᠠᠭᠤ ᠦᠭᠡᠢ ᠪᠦᠷ ᠲᠠᠭᠠᠨ ᠬᠢᠵᠦ ᠪᠠᠶᠢᠬᠤ ᠨᠢ ᠬᠠᠷᠠᠭᠳᠠᠪᠠ᠃ ᠭᠡᠪᠡᠴᠦ ᠳᠡᠮᠡᠢ ᠤᠳᠠᠭᠰᠠᠨ ᠦᠭᠡᠢ ᠤᠳᠠᠭᠠᠨ ᠵᠢᠯ ᠤᠨ ᠪᠡᠶ᠎ᠡ ᠴᠢᠭᠢᠷᠠᠭᠵᠢᠭᠤᠯᠬᠤ ᠳᠠᠰᠬᠠᠯᠵᠢᠭᠤᠯᠤᠭᠴᠢ ᠡᠨᠡ ᠬᠦ ᠬᠥᠳᠡᠯᠭᠡᠭᠡᠨ ᠨᠢ ᠠᠮᠠᠷᠬᠠᠨ ᠨᠢᠷᠤᠭᠤ ᠶᠢ ᠭᠡᠮᠲᠦᠭᠡᠬᠦ ᠠᠶᠤᠯ ᠲᠠᠢ᠂ ᠣᠨᠴᠠᠭᠠᠶᠢᠯᠠᠨ ᠨᠢᠷᠤᠭᠤᠨ ᠠᠷᠬᠠᠭ ᠲᠠᠢ ᠬᠥᠮᠥᠰ ᠬᠢᠵᠦ ᠪᠤᠯᠬᠤ ᠦᠭᠡᠢ ᠭᠡᠵᠦ ᠵᠢᠭᠠᠵᠤ ᠭᠠᠷᠭᠠᠵᠠᠢ᠃       ᠰᠦᠯᠵᠢᠶ᠎ᠡ ᠳᠡᠭᠡᠷ᠎ᠡ ᠪᠠᠰᠠ ᠮᠠᠷᠢᠶ᠎ᠠ ᠰᠢᠭᠤᠷᠠᠭᠤᠯᠬᠤ ᠬᠥᠳᠡᠯᠭᠡᠭᠡᠨ ᠬᠢᠳᠡᠭ ᠬᠥᠮᠥᠰ ᠤᠯᠠᠨ ᠭᠠᠷᠴᠤ ᠢᠷᠠᠵᠠᠢ᠃ ᠬᠠᠴᠠᠷ ᠢ ᠨᠢ ᠲᠠᠭᠠᠨ ᠬᠥᠯᠥᠰᠦ ᠠᠰᠬᠠᠷᠠᠵᠤ᠂ ᠠᠮᠢᠰᠬᠤᠯ ᠰᠦᠢᠯᠭᠢᠯᠡᠨ᠂ ᠤᠯᠠᠨ ᠮᠠᠷᠢᠶᠠᠯᠢᠭ᠂ ᠡᠴᠡᠩᠬᠡᠢ ᠡᠮᠡᠭᠲᠡᠶᠢᠴᠦᠳ ᠳᠠᠭᠠᠭᠤᠯᠵᠤ᠂ ᠤᠨᠴᠠᠭᠠᠢ ᠮᠠᠷᠢᠶ᠎ᠠ ᠰᠢᠭᠤᠷᠠᠭᠤᠯᠬᠤ ᠬᠥᠳᠡᠯᠭᠡᠭᠡᠨ ᠭᠡᠵᠦ ᠨᠢᠭᠡ ᠴᠠᠭ ᠬᠤᠶᠠᠷ ᠴᠠᠭ ᠢᠶᠠᠷ ᠳᠠᠭᠠᠭᠤᠯᠤᠨ ᠬᠢᠵᠦ ᠪᠠᠶᠢᠬᠤ ᠸᠢᠳᠢᠤ᠋ ᠳᠠᠮᠵᠢᠭᠳᠠᠵᠤ ᠪᠠᠶᠢᠯ᠎ᠠ᠃ ᠡᠳᠡᠭᠡᠷ ᠬᠥᠮᠥᠰ ᠡᠮᠡᠭᠲᠡᠶᠢᠴᠦᠳ ᠤᠨ ᠬᠥᠩᠭᠡᠵᠢᠭᠰᠡᠨ ᠤ ᠳᠠᠷᠠᠭᠠᠬᠢ ᠭᠡᠳᠡᠰᠦᠨ ᠤ ᠮᠠᠷᠢᠶ᠎ᠠ ᠰᠢᠭᠤᠷᠠᠭᠤᠯᠬᠤ ᠬᠡᠷᠡᠭᠴᠡᠭᠡ ᠶᠢ ᠪᠠᠷᠢᠵᠤ᠂ ᠤᠯᠠᠨ ᠶᠠᠩᠵᠤ ᠪᠠᠷ ᠬᠥᠮᠥᠰ ᠤᠨ ᠠᠩᠬᠠᠷᠤᠯ ᠢ ᠲᠠᠲᠠᠵᠤ᠂ ᠵᠣᠭᠤᠰ ᠮᠥᠩᠭᠦ ᠣᠯᠵᠤ ᠪᠠᠶᠢᠳᠠᠭ᠃ ᠭᠡᠪᠡᠴᠦ ᠦᠨᠡᠨ ᠮᠠᠷᠢᠶ᠎ᠠ ᠰᠢᠭᠤᠷᠠᠭᠤᠯᠬᠤ ᠡᠰᠡᠬᠦ ᠪᠠ ᠣᠷᠣᠯᠴᠠᠭᠴᠢ ᠶᠢᠨ ᠡᠷᠡᠭᠦᠯ ᠮᠡᠨᠳᠦ ᠳᠤ ᠳᠡᠳᠡ ᠬᠠᠷᠢᠭᠤᠴᠠᠵᠤ ᠴᠢᠳᠠᠬᠤ ᠦᠭᠡᠢ ᠶᠤᠮ᠃       ᠬᠥᠯᠥᠰᠦ ᠭᠠᠷᠬᠤ ᠨᠢ ᠥᠭᠡᠬᠦ ᠵᠠᠳᠠᠷᠠᠵᠤ ᠮᠠᠷᠢᠶ᠎ᠠ ᠰᠢᠭᠤᠷᠠᠵᠤ ᠪᠠᠶᠢᠬᠤ ᠶᠢ ᠲᠥᠯᠥᠭᠡᠯᠡᠵᠦ ᠪᠠᠶᠢᠬᠤ ᠪᠢᠰᠢ ᠶᠤᠮ᠃ ᠬᠥᠯᠥᠰᠦ ᠭᠠᠷᠴᠤ ᠪᠠᠶᠢᠬᠤ ᠨᠢ ᠪᠡᠶ᠎ᠡ ᠳᠣᠲᠣᠷᠠᠬᠢ ᠤᠰᠤ ᠶᠢ ᠭᠠᠳᠠᠭᠰᠢᠯᠠᠭᠤᠯᠵᠤ ᠪᠠᠶᠢᠬᠤ ᠲᠡᠳᠦᠢ᠂ ᠬᠡᠳᠦᠶᠢᠪᠡᠷ ᠪᠡᠶ᠎ᠡ ᠶᠢᠨ ᠬᠦᠨᠳᠦ ᠪᠠᠭᠤᠷᠠᠭᠰᠠᠨ ᠴᠦ ᠤᠰᠤ ᠤᠤᠭᠤᠪᠠᠯ ᠳᠠᠭᠢᠭᠠᠳ ᠤᠤᠯ ᠬᠡᠪ ᠲᠡᠭᠡᠨ ᠣᠷᠣᠳᠠᠭ᠃ ᠬᠥᠮᠥᠨ ᠤ ᠪᠡᠶ᠎ᠡ ᠬᠥᠳᠡᠯᠭᠡᠭᠡᠨ ᠬᠢᠭᠡᠳ 20 ᠮᠢᠨᠦ᠋ᠲ ᠪᠣᠯᠪᠠᠯ ᠰᠠᠶ᠋ᠢ ᠡᠬᠢᠯᠡᠨ ᠥᠭᠡᠬᠦ ᠵᠠᠳᠠᠷᠠᠭᠤᠯᠳᠠᠭ᠂ ᠡᠶᠢᠮᠦ ᠠᠴᠠ ᠬᠥᠯᠥᠰᠦ ᠭᠠᠷᠬᠤ ᠪᠠ ᠮᠠᠷᠢᠶ᠎ᠠ ᠰᠢᠭᠤᠷᠠᠭᠤᠯᠬᠤ ᠪᠣᠯ ᠬᠤᠶᠠᠷ ᠵᠦᠢᠯ ᠤᠨ ᠶᠠᠪᠤᠳᠠᠯ ᠶᠤᠮ᠃ ᠲᠡᠭᠡᠭᠦ ᠪᠠᠷ ᠰᠦᠯᠵᠢᠶᠡᠨ ᠤ ᠳᠠᠰᠬᠠᠯᠵᠢᠭᠤᠯᠤᠭᠴᠢ ᠶᠢ ᠲᠠᠭᠠᠨ ᠬᠥᠳᠡᠯᠭᠡᠭᠡᠨ ᠳᠤ ᠣᠷᠤᠯᠴᠠᠬᠤ ᠳᠠᠭᠠᠨ ᠵᠠᠪᠠᠯ ᠰᠢᠨᠵᠢᠯᠡᠬᠦ ᠤᠬᠠᠭᠠᠨᠴᠢ ᠪᠠᠷ ᠵᠢᠭᠠᠵᠤ ᠪᠠᠶᠢᠭ᠎ᠠ ᠶᠢ ᠨᠢ ᠰᠣᠩᠭᠤᠬᠤ ᠬᠡᠷᠡᠭᠲᠡᠢ᠃       ᠬᠠᠷᠢᠨ ᠬᠥᠮᠥᠰ ᠤᠨ ᠠᠩᠬᠠᠷᠤᠯ ᠢ ᠲᠠᠲᠠᠬᠤ ᠶᠢᠨ ᠲᠥᠯᠥᠭᠡ ᠡᠯᠳᠡᠪ ᠤᠬᠠᠭᠠᠨ ᠵᠠᠷᠤᠵᠤ ᠪᠠᠶᠢᠬᠤ ᠠᠴᠠ ᠨᠢ ᠵᠠᠶᠢᠯᠠᠵᠤ ᠪᠠᠶᠢᠭᠠᠷᠠᠢ᠃       ᠲᠠᠮᠢᠷ ᠤᠨ ᠬᠥᠳᠡᠯᠭᠡᠭᠡᠨ ᠳᠤ ᠣᠷᠤᠯᠴᠠᠬᠤ ᠳᠠᠭᠠᠨ ᠪᠠᠰᠠ ᠥᠪᠡᠷ ᠤᠨ ᠪᠡᠶ᠎ᠡ ᠳᠡᠭᠡᠨ ᠲᠣᠬᠢᠷᠠᠭᠰᠠᠨ ᠬᠥᠳᠡᠯᠭᠡᠭᠡᠨ ᠰᠣᠩᠭᠤᠬᠤ ᠨᠢ ᠮᠠᠰᠢ ᠴᠢᠬᠤᠯᠠ ᠪᠠᠶᠢᠳᠠᠭ᠃ ᠬᠡᠷᠪᠡ ᠨᠢᠷᠤᠭᠤ ᠮᠠᠭᠤ ᠪᠣᠯ ᠬᠥᠳᠡᠯᠭᠡᠭᠡᠨ ᠬᠢᠬᠦ ᠳᠡᠭᠡᠨ ᠨᠢᠷᠤᠭᠤ ᠪᠠᠨ ᠤᠨᠴᠠᠭᠠᠢ ᠬᠠᠮᠠᠭᠠᠯᠠᠬᠤ ᠪᠤᠶᠤ ᠨᠢᠷᠤᠭᠤᠨ ᠳᠤ ᠬᠠᠯᠠᠲᠠᠢ ᠪᠡᠶ᠎ᠡ ᠶᠢᠨ ᠲᠠᠮᠢᠷ ᠰᠣᠩᠭᠤᠬᠤ ᠦᠭᠡᠢ ᠪᠠᠶᠢᠪᠠᠯ ᠵᠣᠬᠢᠨ᠎ᠠ᠃ ᠵᠢᠷᠦᠬᠡ ᠮᠠᠭᠤ ᠪᠣᠯ ᠰᠢᠷᠦᠭᠦᠨ ᠬᠥᠳᠡᠯᠭᠡᠭᠡᠨ ᠤᠷᠳᠤ ᠬᠤᠭᠤᠴᠠᠭ᠎ᠠ ᠬᠢᠬᠦ ᠠᠴᠠ ᠵᠠᠶᠢᠯᠠᠰᠬᠢᠬᠤ ᠭᠡᠬᠦ ᠮᠡᠲᠦ ᠪᠠᠷ ᠬᠤᠪᠢ ᠪᠡᠶ᠎ᠡ ᠶᠢᠨ ᠪᠠᠶᠢᠳᠠᠯ ᠲᠠᠢ ᠪᠠᠨ ᠤᠶᠠᠯᠳᠤᠭᠤᠯᠬᠤ ᠨᠢ ᠮᠠᠰᠢ ᠴᠢᠬᠤᠯᠠ᠂ ᠦᠭᠡᠢ ᠪᠣᠯ ᠪᠡᠶ᠎ᠡ ᠴᠢᠭᠢᠷᠠᠭᠵᠢᠭᠤᠯᠬᠤ ᠭᠡᠵᠦ ᠪᠠᠶᠢᠭᠠᠳ ᠭᠡᠳᠡᠷᠭᠦ ᠪᠠᠨ ᠰᠢᠷᠬᠠᠲᠤᠬᠤ ᠪᠤᠶᠤ ᠡᠪᠡᠳᠴᠢᠨ ᠠᠷᠬᠠᠭ ᠣᠯᠵᠤ ᠮᠡᠳᠡᠨ᠎ᠡ᠃       ᠪᠡᠶ᠎ᠡ ᠶᠢᠨ ᠡᠷᠡᠭᠦᠯ ᠮᠡᠨᠳᠦ ᠶᠢ ᠡᠷᠬᠢᠮᠯᠡᠨ ᠪᠡᠶ᠎ᠡ ᠪᠠᠨ ᠪᠤᠯᠪᠠᠰᠤᠷᠠᠭᠤᠯᠬᠤ ᠳᠤ ᠪᠡᠶ᠎ᠡ ᠳᠡᠭᠡᠨ ᠲᠣᠬᠢᠷᠠᠭᠰᠠᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠤᠷᠤᠯᠴᠠᠵᠤ᠂ ᠰᠣᠬᠤᠷ ᠪᠠᠯᠠᠢ ᠪᠠᠷ ᠤᠷᠤᠰᠬᠠᠯ ᠳᠠᠭᠠᠵᠤ ᠪᠡᠶ᠎ᠡ ᠪᠠᠨ ᠪᠤᠯᠪᠠᠰᠤᠷᠠᠭᠤᠯᠬᠤ ᠶᠢ ᠲᠡᠪᠴᠢᠶ᠎ᠡ︕   
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ