ᠮᠣᠩᠭᠤᠯ ᠨᠣᠮ ᠰᠤᠳᠤᠷ ᠪᠣᠯ ᠮᠣᠩᠭᠤᠯᠴᠤᠳ ᠤᠨ ᠤᠶᠤᠨ ᠤ ᠪᠤᠶᠤ ᠲᠡᠦᠬᠡ ᠶᠢᠨ ᠬᠠᠮᠤᠭ ᠤᠨ ᠪᠡᠶᠠᠨ ᠲᠠᠩᠰᠤᠭ ᠰᠠᠩ ᠬᠥᠮᠥᠷᠭᠡ ᠮᠥᠨ᠃ ᠲᠡᠷᠡ ᠨᠢ | ᠬᠡᠳᠦᠨ ᠮᠢᠩᠭᠠᠨ ᠤ ᠲᠤᠷᠰᠢᠬᠢ ᠮᠣᠩᠭᠤᠯᠴᠤᠳ ᠤᠨ ᠭᠡᠯᠡ ᠰᠣᠶᠣᠯ᠂ ᠵᠠᠩ ᠦᠢᠯᠡ᠂ ᠱᠠᠰᠢᠨ ᠰᠢᠲᠦᠯᠭᠡ᠂ ᠠᠵᠤ ᠠᠮᠢᠳᠤᠷᠠᠯ ᠵᠡᠷᠭᠡ ᠪᠦᠭᠦ ᠲᠠᠯ᠎ᠠ ᠶᠢᠨ ᠰᠣᠶᠣᠯ ᠤᠨ | ᠤᠤᠭᠠᠯ ᠲᠥᠷᠬᠦ ᠶᠢ ᠠᠴᠢᠶᠠᠯᠠᠵᠤ ᠢᠷᠡᠭᠰᠡᠨ ᠢᠶᠠᠷ ᠢᠶᠠᠨ ᠮᠣᠩᠭᠤᠯ ᠰᠤᠳᠤᠯᠤᠯ ᠤᠨ ᠬᠠᠮᠤᠭ ᠤᠨ ᠦᠨᠳᠦᠰᠦ ᠰᠠᠭᠤᠷᠢ᠂ ᠠᠮᠢᠨ ᠰᠤᠳᠠᠰᠤ ᠪᠣᠯᠣᠭᠰᠠᠭᠠᠷ ᠢᠷᠡᠵᠡᠢ᠃ | ᠮᠣᠩᠭᠤᠯᠴᠤᠳ ᠲᠡᠦᠬᠡᠨ ᠠᠴᠠ ᠪᠠᠨ ᠠᠪᠤᠭᠠᠳ ᠨᠣᠮ ᠪᠢᠴᠢᠭ ᠢ ᠬᠠᠳᠠᠭᠠᠯᠠᠬᠤ ᠵᠠᠩᠰᠢᠯ ᠲᠠᠢ ᠪᠠᠶᠢᠳᠠᠭ᠃ 13 - 14 ᠳ᠋ᠦ᠋ᠭᠡᠷ ᠵᠠᠭᠤᠨ ᠤ ᠦᠶ᠎ᠡ ᠶᠢᠨ ᠤᠯᠠᠨ | ᠬᠡᠯᠡᠨ ᠤ ᠰᠤᠷᠪᠤᠯᠵᠢ ᠪᠢᠴᠢᠭ ᠢ ᠦᠨᠳᠦᠰᠦᠯᠡᠪᠡᠯ᠂ ᠮᠣᠩᠭᠤᠯ ᠤᠨ ᠤᠯᠠᠨ ᠬᠠᠭᠠᠳ ᠪᠦᠷ ᠲᠤᠰᠬᠠᠢ ᠨᠣᠮ ᠤᠨ ᠰᠠᠩ ᠲᠠᠢ ᠪᠠᠶᠢᠵᠤ᠂ ᠮᠣᠩᠭᠤᠯ ᠨᠣᠮ ᠰᠤᠳᠤᠷ ᠠᠴᠠ | ᠭᠠᠳᠠᠨ᠎ᠠ᠂ ᠳᠡᠯᠡᠬᠡᠢ ᠶᠢᠨ ᠤᠯᠠᠨ ᠦᠨᠳᠦᠰᠦᠲᠡᠨ ᠤ ᠨᠣᠮ ᠰᠤᠳᠤᠷ ᠢ ᠬᠠᠳᠠᠭᠠᠯᠠᠵᠤ ᠪᠠᠶᠢᠭᠰᠠᠨ ᠭᠡᠵᠦ ᠮᠢᠩᠭᠠᠳ ᠡᠷᠳᠡᠮᠳᠦ ᠫᠷᠤᠹᠧᠰᠰᠤᠷ ᠶᠠᠷᠢᠵᠤ ᠪᠠᠶᠢᠭᠰᠠᠨ ᠶᠤᠮ᠃ | ᠲᠣᠷᠭᠤᠳᠴᠤᠳ ᠤᠨ ᠶᠡᠭᠡ ᠨᠡᠭᠦᠳᠡᠯ ᠤᠨ ᠳᠤᠮᠳᠠ ᠬᠠᠭᠠᠰ ᠢᠯᠡᠭᠦᠦ ᠬᠥᠮᠥᠨ ᠦᠬᠦᠵᠦ ᠰᠢᠷᠬᠠᠲᠤᠭᠰᠠᠨ ᠴᠤ᠂ ᠲᠡᠳᠡᠨᠤᠰ ᠨᠣᠮ ᠰᠤᠳᠤᠷ ᠢᠶᠠᠨ ᠬᠠᠶᠠᠭᠰᠠᠨ ᠦᠭᠡᠢ᠂ | ᠳᠡᠷᠡ᠂ ᠬᠡᠦᠬᠡᠳ ᠤᠨ ᠥᠯᠥᠭᠡᠢ᠂ ᠵᠤᠤᠬ᠎ᠠ᠂ ᠤᠢ ᠮᠣᠳᠣ ᠳᠤ ᠨᠢᠭᠤᠵᠤ ᠨᠣᠮ ᠰᠤᠳᠤᠷ ᠢᠶᠠᠨ ᠤᠬᠠᠮᠰᠠᠷ ᠲᠠᠢ ᠪᠠᠷ ᠬᠠᠳᠠᠭᠠᠯᠠᠵᠤ ᠢᠷᠡᠭᠰᠡᠨ ᠢᠶᠠᠷ ᠠᠯᠳᠠ ᠪᠠᠷ ᠦᠨᠡᠯᠡᠰᠢ | ᠦᠭᠡᠢ ᠬᠤᠪᠣᠷ ᠨᠠᠨᠳᠢᠨ ᠨᠣᠮ ᠰᠤᠳᠤᠷ ᠤᠳ ᠰᠠᠶ᠋ᠢ ᠮᠠᠨ ᠤ ᠦᠶ᠎ᠡ ᠶᠢᠨ ᠬᠢᠨ ᠳᠤ ᠤᠯᠠᠮᠵᠢᠯᠠᠭᠳᠠᠨ ᠬᠦᠷᠴᠦ ᠢᠷᠡᠭᠰᠡᠨ ᠶᠤᠮ᠃ ᠭᠡᠬᠦ ᠳᠡᠭᠡᠨ᠂ ᠥᠨᠥᠳᠥᠷ ᠪᠢᠳᠡ | ᠮᠣᠩᠭᠤᠯ ᠠᠷᠠᠳ ᠲᠦᠮᠡᠨ ᠤ ᠬᠢ ᠪᠠᠨ ᠠᠮᠢ ᠭᠤᠣᠯ ᠢᠶᠠᠨ ᠰᠢᠭ᠋ ᠬᠠᠶᠢᠷᠠᠯᠠᠵᠤ ᠨᠠᠨᠳᠢᠩᠨᠠᠵᠤ ᠬᠠᠳᠠᠭᠠᠯᠠᠵᠤ ᠢᠷᠡᠭᠰᠡᠨ ᠨᠣᠮ ᠰᠤᠳᠤᠷ ᠢ ᠡᠮᠬᠢᠳᠬᠡᠨ ᠴᠤᠭᠯᠠᠭᠤᠯᠵᠤ᠂ | ᠲᠣᠭᠠᠴᠢᠯᠠᠭᠤᠯᠤᠨ ᠬᠠᠳᠠᠭᠠᠯᠠᠵᠤ᠂ ᠰᠢᠨᠵᠢᠯᠡᠨ ᠰᠤᠳᠤᠯᠬᠤ ᠨᠢ ᠴᠢᠬᠤᠯᠠ ᠱᠠᠭᠠᠷᠳᠠᠭᠳᠠᠵᠤ ᠪᠠᠶᠢᠨ᠎ᠠ᠃ | ᠲᠡᠦᠬᠡ ᠶᠢᠨ ᠤᠯᠠᠨ ᠰᠢᠯᠲᠠᠭᠠᠨ ᠢᠶᠠᠷ᠂ ᠮᠣᠩᠭᠤᠯᠴᠤᠳ ᠤᠨ ᠨᠣᠮ ᠰᠤᠳᠤᠷ ᠶᠡᠭᠡ ᠬᠡᠮᠵᠢᠶ᠎ᠡ ᠪᠠᠷ ᠭᠡᠭᠡᠭᠳᠡᠨ ᠣᠷᠬᠢᠭᠳᠠᠵᠤ᠂ ᠠᠷᠠᠳ ᠲᠦᠮᠡᠨ ᠤ ᠳᠤᠮᠳᠠ | ᠲᠠᠰᠤᠭ ᠪᠤᠰᠠᠭ ᠢᠶᠠᠷ ᠬᠠᠳᠠᠭᠠᠯᠠᠭᠳᠠᠬᠤ᠂ ᠲᠡᠷᠡᠴᠢᠯᠡᠨ ᠳᠡᠯᠡᠬᠡᠢ ᠶᠢᠨ ᠡᠯ᠎ᠡ ᠭᠠᠵᠠᠷ ᠲᠤ ᠲᠠᠷᠬᠠᠨ ᠪᠤᠳᠠᠷᠠᠬᠰᠠᠨ ᠪᠠᠶᠢᠨ᠎ᠠ᠃ ᠲᠡᠳᠡᠭᠡᠷ ᠨᠣᠮ ᠰᠤᠳᠤᠷ ᠢ ᠡᠮᠬᠢᠳᠬᠡᠨ | ᠴᠤᠭᠯᠠᠭᠤᠯᠬᠤ ᠳᠤ ᠨᠢᠭᠡ ᠬᠤᠶᠠᠷ ᠬᠥᠮᠥᠨ ᠤ ᠬᠦᠴᠦ ᠶᠠᠭᠠᠬᠢᠭᠰᠠᠨ ᠴᠤ ᠬᠦᠷᠦᠯᠴᠡᠬᠦ ᠦᠭᠡᠢ᠂ ᠡᠷᠬᠡᠪᠰᠢ ᠵᠠᠰᠠᠭ ᠤᠨ ᠣᠷᠳᠣᠨ᠂ ᠡᠷᠳᠡᠮᠲᠡᠨ ᠰᠤᠳᠤᠯᠭᠠᠲᠠᠳ ᠪᠣᠯᠣᠨ | ᠠᠷᠠᠳ ᠤᠯᠠᠨ ᠤ ᠬᠦᠴᠦᠨ ᠳᠤ ᠲᠦᠰᠢᠭᠯᠡᠨ᠎ᠡ᠃ ᠡᠨᠡ ᠬᠦ ᠶᠠᠪᠤᠴᠠ ᠳᠠᠭᠠᠨ ᠰᠤᠳᠤᠷ ᠨᠣᠮ ᠢᠶᠠᠨ ᠬᠠᠳᠠᠭᠠᠯᠠᠵᠤ ᠪᠠᠶᠢᠭ᠎ᠠ ᠮᠣᠩᠭᠤᠯᠴᠤᠳ ᠢᠶᠠᠨ ᠬᠦᠨᠳᠦᠳᠬᠡᠨ᠂ | ᠵᠥᠪ ᠢᠶᠠᠷ ᠬᠠᠷᠢᠯᠴᠠᠵᠤ᠂ ᠵᠣᠬᠢᠰᠲᠠᠢ ᠠᠰᠢᠭᠯᠠᠬᠤ ᠨᠢ ᠴᠤ ᠴᠢᠬᠤᠯᠠ᠃ | ᠡᠷᠲᠡᠨ ᠤ ᠨᠣᠮ ᠰᠤᠳᠤᠷ ᠢ ᠲᠣᠭᠠᠴᠢᠯᠠᠭᠤᠯᠬᠤ ᠪᠣᠯ ᠮᠡᠳᠡᠭᠡ ᠵᠠᠩᠭᠢ ᠶᠢᠨ ᠴᠠᠭ ᠡᠷᠢᠨ ᠳᠤ ᠤᠯᠠᠮᠵᠢᠯᠠᠯᠲᠤ ᠴᠠᠭᠠᠰᠤᠨ ᠨᠣᠮ ᠰᠤᠳᠤᠷ ᠢ ᠤᠯᠠᠮᠵᠢᠯᠠᠬᠤ ᠪᠠ | ᠠᠰᠢᠭᠯᠠᠬᠤ ᠬᠠᠮᠤᠭ ᠤᠨ ᠳᠥᠭᠦᠮ ᠠᠷᠭ᠎ᠠ ᠭᠡᠯᠪᠡᠷᠢ ᠪᠣᠯᠣᠨ᠎ᠠ᠃ ᠡᠷᠲᠡᠨ ᠤ ᠨᠣᠮ ᠰᠤᠳᠤᠷ ᠢ ᠲᠣᠭᠠᠴᠢᠯᠠᠭᠤᠯᠬᠤ ᠨᠢ ᠨᠢᠭᠡ ᠲᠠᠯ᠎ᠠ ᠪᠠᠷ᠂ ᠨᠣᠮ ᠪᠢᠴᠢᠭ ᠢ ᠬᠠᠮᠠᠭᠠᠯᠠᠨ | ᠠᠮᠤᠷ ᠲᠦᠪᠰᠢᠨ ᠢᠶᠠᠷ ᠬᠥᠮᠥᠷᠭᠡᠯᠡᠨ ᠬᠠᠳᠠᠭᠠᠯᠠᠵᠤ᠂ ᠨᠦᠭᠦᠭᠡ ᠲᠠᠯ᠎ᠠ ᠪᠠᠷ ᠡᠷᠲᠡᠨ ᠤ ᠨᠣᠮ ᠪᠢᠴᠢᠭ ᠢ ᠡᠷᠢᠬᠦ᠂ ᠤᠩᠰᠢᠬᠤ ᠪᠠ ᠠᠰᠢᠭᠯᠠᠬᠤ ᠴᠢᠳᠠᠪᠤᠷᠢ ᠶᠢ | ᠳᠡᠭᠡᠭᠰᠢᠯᠡᠭᠦᠯᠵᠦ ᠪᠤᠯᠳᠠᠭ᠃ ᠲᠡᠷᠡ ᠮᠥᠷᠲᠡᠭᠡᠨ ᠶᠡᠭᠡ ᠬᠡᠮᠵᠢᠶ᠎ᠡ ᠪᠠᠷ ᠬᠠᠳᠠᠭᠠᠯᠠᠬᠤ ᠴᠢᠳᠠᠮᠵᠢ᠂ ᠳᠥᠭᠦᠮ ᠳᠥᠲᠡ ᠡᠷᠢᠵᠦ ᠬᠠᠶᠢᠬᠤ ᠴᠢᠳᠠᠮᠵᠢ᠂ ᠳᠠᠮᠵᠢᠭᠤᠯᠬᠤ | ᠤᠩᠰᠢᠬᠤ ᠬᠤᠷᠳᠤᠴᠠ ᠲᠦᠷᠭᠡᠨ᠂ ᠴᠠᠭ ᠣᠷᠣᠨ ᠵᠠᠢ ᠶᠢᠨ ᠬᠢᠵᠠᠭᠠᠷᠯᠠᠯ ᠢ ᠬᠦᠯᠢᠶᠡᠬᠦ ᠦᠭᠡᠢ ᠵᠡᠷᠭᠡ ᠳᠠᠪᠠᠭᠤᠯᠢᠭ ᠲᠠᠢ ᠪᠠᠶᠢᠳᠠᠭ ᠪᠣᠯᠬᠤᠷ ᠮᠣᠩᠭᠤᠯ ᠰᠤᠷᠪᠤᠯᠵᠢ | ᠪᠢᠴᠢᠭ ᠢᠶᠠᠨ ᠲᠣᠭᠠᠴᠢᠯᠠᠭᠤᠯᠤᠨ ᠠᠰᠢᠭᠯᠠᠬᠤ ᠶᠢ ᠵᠠᠪᠠᠯ ᠠᠩᠬᠠᠷᠤᠨ ᠬᠢᠬᠦ ᠴᠢᠬᠤᠯᠠᠲᠠᠢ᠃ ᠡᠨᠡ ᠲᠠᠯ᠎ᠠ ᠪᠠᠷ᠂ ᠣᠶᠢᠷ᠎ᠠ ᠶᠢᠨ ᠬᠤᠶᠠᠷ ᠵᠢᠯ ᠳᠤ᠂ ᠤᠯᠠᠨ ᠮᠣᠩᠭᠤᠯᠴᠢ | ᠡᠷᠳᠡᠮᠲᠡᠳ ᠤᠨ ᠬᠠᠮᠲᠤ ᠶᠢᠨ ᠴᠢᠷᠮᠠᠶᠢᠯᠭ᠎ᠠ ᠪᠠᠷ ᠳᠡᠯᠡᠬᠡᠢ ᠳᠤ ᠲᠦᠭᠡᠭᠰᠡᠨ ᠮᠣᠩᠭᠤᠯ ᠰᠤᠳᠤᠷ ᠨᠣᠮ ᠤᠨ ᠹᠤᠲ᠋ᠣ᠋ ᠬᠡᠪᠯᠡᠯ ᠤᠨ ᠴᠤᠪᠤᠷᠠᠯ ᠴᠤ ᠬᠡᠪᠯᠡᠭᠳᠡᠵᠦ ᠪᠤᠢ᠃ | ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠪᠣᠯᠣᠨ ︽ᠭᠡᠰᠡᠷ︾ ᠤᠨ ᠳ᠋ᠠᠶᠢᠲ᠋ᠠ ᠬᠥᠮᠥᠷᠭᠡ ᠪᠠ ᠰᠦᠯᠵᠢᠶ᠎ᠡ ᠵᠡᠷᠭᠡ ᠶᠢ ᠪᠠᠶᠢᠭᠤᠯᠵᠤ᠂ ᠴᠥᠭᠡᠨ ᠲᠣᠭᠠᠲᠤ | ᠦᠨᠳᠦᠰᠦᠲᠡᠨ ᠤ ᠰᠤᠳᠤᠷ ᠪᠢᠴᠢᠭ ᠤᠨ ᠲᠤᠭᠠᠴᠢᠯᠠᠭᠤᠯᠤᠯᠳᠠ ᠶᠢ ᠠᠬᠢᠭᠤᠯᠵᠤ ᠪᠤᠢ ᠰᠤᠷᠠᠭ ᠴᠤ ᠪᠤᠢ᠃ | ᠶᠡᠷᠦᠨᠢ᠂ ᠮᠣᠩᠭᠤᠯ ᠨᠣᠮ ᠰᠤᠳᠤᠷ ᠢ ᠡᠮᠬᠢᠳᠬᠡᠨ ᠴᠤᠭᠯᠠᠭᠤᠯᠬᠤ ᠪᠠ ᠰᠢᠨᠵᠢᠯᠡᠨ ᠰᠤᠳᠤᠯᠬᠤ ᠨᠢ ᠲᠡᠷᠭᠡᠨ ᠤ ᠬᠤᠶᠠᠷ ᠬᠦᠷᠳᠦ ᠰᠢᠭ ᠲᠦᠰᠢᠯᠴᠡᠨ | ᠣᠷᠣᠰᠢᠳᠠᠭ᠃ ᠮᠣᠩᠭᠤᠯ ᠰᠤᠷᠪᠤᠯᠵᠢ ᠪᠢᠴᠢᠭ ᠢ ᠭᠠᠭᠴᠠ ᠭᠡᠷᠡᠯ ᠵᠢᠷᠤᠭ ᠢᠶᠠᠷ ᠬᠡᠪᠯᠡᠭᠦᠯᠦᠭᠡᠳ ᠯᠡ ᠵᠤᠬᠰᠤᠬᠤ ᠪᠢᠰᠢ᠂ ᠬᠠᠮᠢᠶ᠎ᠠ ᠪᠦᠬᠦᠢ ᠰᠤᠳᠤᠯᠭᠠᠨ ᠨᠢ ᠡᠷᠬᠡᠪᠰᠢ | ᠲᠠᠭᠠᠵᠦ ᠠᠮᠵᠢᠬᠤ ᠬᠡᠷᠡᠭᠲᠡᠢ᠃ ᠣᠳᠣᠬᠠᠨ ᠪᠤᠯᠳᠠᠯ᠎ᠠ ᠵᠠᠯᠠᠭᠤᠴᠤᠳ ᠤᠨ ᠠᠰᠢᠭᠯᠠᠬᠤ ᠮᠣᠩᠭᠤᠯ ᠰᠤᠷᠪᠤᠯᠵᠢ ᠰᠤᠳᠤᠯᠤᠯ ᠤᠨ ᠭᠠᠷ ᠠᠪᠤᠯᠭ᠎ᠠ ᠶᠢᠨ ᠨᠣᠮ ᠴᠥᠭᠡᠨ | ᠪᠠᠶᠢᠭᠰᠠᠭᠠᠷ ᠪᠠᠶᠢᠵᠤ᠂ ᠵᠠᠭᠪᠤᠷ ᠪᠣᠯᠬᠤᠶᠢᠴᠠ ᠰᠤᠳᠤᠯᠭᠠᠨ ᠤ ᠪᠦᠲᠦᠭᠡᠯ ᠤᠳ ᠢ ᠠᠮᠵᠢᠨ ᠬᠡᠪᠯᠡᠭᠦᠯᠬᠦ ᠠᠵᠢᠯ ᠴᠤ ᠮᠠᠰᠢ ᠲᠤᠯᠭᠠᠮ᠎ᠠ ᠪᠠᠶᠢᠨ᠎ᠠ᠃ 2019 ᠣᠨ ᠳᠤ᠂ | ᠮᠣᠩᠭᠤᠯ ᠰᠤᠷᠪᠤᠯᠵᠢ ᠪᠢᠴᠢᠭ ᠤᠨ ᠰᠤᠳᠤᠯᠭᠠᠨ ᠤ ᠠᠵᠢᠯ ᠢ ᠠᠬᠢᠭᠤᠯᠤᠨ᠂ ᠵᠠᠯᠠᠭᠤ ᠦᠶ᠎ᠡ ᠶᠢᠨ ᠡᠷᠳᠡᠮᠲᠡᠳ ᠢ ᠬᠥᠮᠥᠵᠢᠭᠦᠯᠬᠦ ᠵᠣᠷᠢᠯᠭ᠎ᠠ ᠪᠦᠬᠦᠢ ᠤᠯᠠᠨ ᠤᠯᠤᠰ ᠤᠨ | ᠮᠣᠩᠭᠤᠯ ᠰᠤᠷᠪᠤᠯᠵᠢ ᠪᠢᠴᠢᠭ ᠤᠨ ᠰᠤᠳᠤᠯᠤᠯ ᠤᠨ ᠲᠥᠪ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠣᠩᠭᠤᠯ ᠰᠤᠳᠤᠯᠤᠯ ᠤᠨ ᠳᠡᠭᠡᠳᠦ | ᠰᠤᠷᠭᠠᠭᠤᠯᠢ ᠳᠤ ᠪᠠᠶᠢᠭᠤᠯᠤᠭᠳᠠᠭᠰᠠᠨ ᠪᠠᠶᠢᠨ᠎ᠠ᠃ ᠲᠤᠰ ᠲᠥᠪ ᠨᠢ ᠳᠡᠯᠡᠬᠡᠢ ᠶᠢᠨ ᠡᠯ᠎ᠡ ᠤᠯᠤᠰ ᠣᠷᠣᠨ ᠤ ᠨᠣᠮ ᠤᠨ ᠰᠠᠩ ᠪᠣᠯᠣᠨ ᠬᠤᠪᠢ ᠬᠥᠮᠥᠨ ᠤ | ᠬᠠᠳᠠᠭᠠᠯᠠᠵᠤ ᠪᠠᠶᠢᠭ᠎ᠠ ᠮᠣᠩᠭᠤᠯ ᠬᠡᠯᠡᠨ ᠤ ᠰᠤᠷᠪᠤᠯᠵᠢ ᠪᠢᠴᠢᠭ ᠢ ᠡᠮᠬᠢᠳᠬᠡᠨ ᠬᠡᠪᠯᠡᠭᠦᠯᠬᠦ ᠠᠵᠢᠯ ᠢ ᠭᠢᠭᠦ; ᠰᠤᠳᠤᠯᠭᠠᠲᠠᠳ ᠢ ᠵᠣᠬᠢᠶᠠᠨ ᠪᠠᠶᠢᠭᠤᠯᠵᠤ᠂ ᠮᠣᠩᠭᠤᠯ | ᠰᠤᠷᠪᠤᠯᠵᠢ ᠪᠢᠴᠢᠭ ᠤᠨ ᠰᠤᠳᠤᠯᠭᠠᠨ ᠢ ᠦᠷᠨᠢᠭᠦᠯᠭᠦ; ᠤᠯᠠᠨ ᠤᠯᠤᠰ ᠤᠨ ᠰᠤᠷᠪᠤᠯᠵᠢ ᠪᠢᠴᠢᠭ ᠤᠨ ᠴᠠᠬᠢᠮ ᠬᠥᠮᠥᠷᠭᠡ᠂ ᠳ᠋ᠠᠶᠢᠲ᠋ᠠ ᠬᠥᠮᠥᠷᠭᠡ ᠶᠢ ᠪᠠᠶᠢᠭᠤᠯᠤᠨ᠂ | ᠮᠣᠩᠭᠤᠯ ᠰᠤᠷᠪᠤᠯᠵᠢ ᠪᠢᠴᠢᠭ ᠢ ᠢᠨᠲ᠋ᠧᠷ ᠰᠦᠯᠵᠢᠶ᠎ᠡ ᠪᠠᠷ ᠰᠢᠭᠤᠳ ᠬᠠᠶᠢᠨ ᠦᠵᠡᠵᠦ ᠰᠤᠳᠤᠯᠭᠠᠨ ᠳᠤ ᠠᠰᠢᠭᠯᠠᠬᠤ ᠳᠤ ᠲᠦᠭᠦᠮ ᠪᠤᠯᠭᠠᠬᠤ; ᠲᠣᠭᠲᠠᠮᠠᠯ | ᠬᠤᠭᠤᠴᠠᠭ᠎ᠠ ᠲᠠᠢ ᠡᠷᠳᠡᠮ ᠰᠢᠨᠵᠢᠯᠡᠭᠡᠨ ᠤ ᠬᠤᠷᠠᠯ᠂ ᠳᠡᠯᠭᠡᠨ ᠦᠵᠡᠭᠦᠯᠭᠡ ᠶᠢᠨ ᠬᠤᠷᠠᠯ ᠢ ᠵᠣᠬᠢᠶᠠᠨ ᠪᠠᠶᠢᠭᠤᠯᠬᠤ; ᠮᠣᠩᠭᠤᠯ ᠰᠤᠷᠪᠤᠯᠵᠢ ᠪᠢᠴᠢᠭ ᠤᠨ | ᠰᠤᠳᠤᠯᠭᠠᠨ ᠤ ᠪᠣᠯᠪᠠᠰᠤᠨ ᠬᠦᠴᠦᠨ᠂ ᠵᠠᠯᠭᠠᠮᠵᠢ ᠬᠦᠴᠦᠨ ᠢ ᠬᠥᠮᠥᠵᠢᠭᠦᠯᠬᠦ ᠠᠵᠢᠯ ᠢ ᠴᠢᠩᠭᠠᠳᠬᠠᠬᠤ; ᠤᠯᠠᠨ ᠤᠯᠤᠰ ᠤᠨ ᠮᠣᠩᠭᠤᠯᠴᠢ ᠡᠷᠳᠡᠮᠲᠡᠳ ᠲᠤ | ᠮᠣᠩᠭᠤᠯ ᠰᠤᠷᠪᠤᠯᠵᠢ ᠪᠢᠴᠢᠭ ᠤᠨ ᠦᠢᠯᠡᠴᠢᠯᠡᠭᠡ ᠬᠠᠩᠭᠠᠬᠤ ᠵᠡᠷᠭᠡ ᠠᠵᠢᠯ ᠤᠳ ᠢ ᠴᠢᠷᠮᠠᠶᠢᠨ ᠬᠢᠬᠦ ᠪᠣᠯᠣᠨ᠎ᠠ᠃ ᠰᠢᠨ᠎ᠡ ᠴᠠᠭ ᠦᠶ᠎ᠡ ᠳᠤ ᠡᠷᠲᠡᠨ ᠤ ᠨᠣᠮ ᠰᠤᠳᠤᠷ ᠢ | ᠤᠯᠠᠮᠵᠢᠯᠠᠨ ᠬᠠᠮᠠᠭᠠᠯᠠᠬᠤ ᠳᠤ ᠡᠶᠢᠮᠦᠷᠬᠦᠦ ᠬᠦᠴᠦᠨ ᠨᠥᠬᠦᠴᠡᠯ ᠢ ᠴᠢᠷᠮᠠᠶᠢᠨ ᠪᠤᠵᠠᠭᠠᠶᠢᠷᠠᠭᠤᠯᠬᠤ ᠴᠢᠬᠤᠯᠠᠲᠠᠢ ᠪᠠᠶᠢᠨ᠎ᠠ᠃ | ᠤᠯᠠᠨ ᠤ ᠬᠦᠴᠦᠨ ᠳᠤ ᠣᠪᠣᠭ᠎ᠠ ᠪᠣᠰᠣᠨ᠎ᠠ᠃ ᠨᠠᠮ ᠵᠠᠰᠠᠭ᠂ ᠡᠷᠳᠡᠮᠲᠡᠳ ᠰᠤᠳᠤᠯᠭᠠᠲᠠᠳ ᠪᠠ ᠨᠣᠮ ᠰᠤᠳᠤᠷ ᠢᠶᠠᠨ ᠳᠡᠭᠡᠳᠦᠯᠡᠳᠡᠭ ᠮᠣᠩᠭᠤᠯ ᠠᠷᠠᠳ | ᠲᠦᠮᠡᠨ ᠤ ᠬᠢ ᠪᠠᠨ ᠬᠠᠮᠲᠤ ᠶᠢᠨ ᠬᠦᠴᠦᠨ ᠳᠤ ᠮᠣᠩᠭᠤᠯ ᠨᠣᠮ ᠰᠤᠳᠤᠷ ᠤᠨ ᠤᠯᠠᠮᠵᠢᠯᠠᠯ ᠪᠠ ᠬᠠᠮᠠᠭᠠᠯᠠᠯᠲᠠ ᠨᠡᠩ ᠰᠠᠷᠠᠭᠤᠯ ᠢᠷᠡᠭᠡᠳᠦᠢ ᠪᠠᠨ ᠤᠭᠲᠤᠬᠤ ᠨᠢ | ᠯᠠᠪᠲᠠᠢ᠃ | |