ᠡᠷᠲᠡᠨ ᠤ ᠪᠠᠭᠤᠷᠢ᠂ ᠡᠷᠲᠡᠨ ᠤ ᠪᠠᠷᠢᠯᠭ᠎ᠠ ᠪᠣᠯ ᠨᠢᠭᠡᠨ ᠭᠠᠵᠠᠷ ᠣᠷᠣᠨ ᠤ ᠲᠡᠦᠬᠡ ᠶᠢᠨ ᠢᠮ ᠲᠠᠮᠠᠭ᠎ᠠ ᠪᠤᠯᠬᠤ ᠪᠥᠭᠡᠳ ᠴᠢᠬᠤᠯᠠ ᠰᠣᠶᠣᠯ ᠤᠨ ᠥᠪ ᠪᠤᠯᠬᠤ | ᠶᠤᠮ᠃ ᠣᠶᠢᠷ᠎ᠠ ᠶᠢᠨ ᠵᠢᠯ ᠳᠤ ᠮᠠᠨ ᠤ ᠣᠷᠣᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠᠨ ᠤᠯᠠᠮ ᠢᠶᠠᠷ ᠡᠷᠴᠢᠮᠵᠢᠭᠦᠯᠵᠦ᠂ ᠡᠷᠲᠡᠨ ᠤ ᠪᠠᠷᠢᠯᠭ᠎ᠠ᠂ | ᠡᠷᠲᠡᠨ ᠤ ᠪᠠᠭᠤᠷᠢ ᠪᠠᠨ ᠰᠠᠶᠢᠲᠤᠷ ᠬᠠᠮᠠᠭᠠᠯᠠᠬᠤ ᠶᠢᠨ ᠲᠥᠯᠥᠭᠡ ᠠᠯᠢ ᠤᠯᠠᠨ ᠪᠦᠲᠦᠮᠵᠢᠳᠡᠢ ᠠᠷᠭ᠎ᠠ ᠬᠡᠮᠵᠢᠶ᠎ᠡ ᠠᠪᠴᠤ ᠪᠠᠶᠢᠭ᠎ᠠ ᠪᠥᠭᠡᠳ ᠤᠯᠠᠮᠵᠢᠯᠠᠯ ᠪᠠ | ᠬᠠᠮᠠᠭᠠᠯᠠᠯᠲᠠ᠂ ᠬᠠᠮᠠᠭᠠᠯᠠᠯᠲᠠ ᠪᠠ ᠠᠰᠢᠭᠯᠠᠯᠲᠠ ᠶᠢᠨ ᠶᠠᠪᠤᠴᠠ ᠳᠠᠭᠠᠨ ᠰᠣᠶᠣᠯ ᠤᠨ ᠤᠯᠠᠮᠵᠢᠯᠠᠯ ᠬᠡᠮᠡᠬᠦ ᠡᠨᠡ ᠬᠦ ᠭᠤᠣᠯ ᠴᠥᠮ᠎ᠡ ᠪᠠᠨ ᠪᠠᠷᠢᠮᠲᠠᠯᠠᠭᠰᠠᠭᠠᠷ ᠢᠷᠡᠭᠰᠡᠨ | ᠶᠤᠮ᠃ | ᠰᠣᠶᠣᠯ ᠪᠣᠯ ᠡᠷᠲᠡᠨ ᠤ ᠪᠠᠭᠤᠷᠢ᠂ ᠡᠷᠲᠡᠨ ᠤ ᠪᠠᠷᠢᠯᠭ᠎ᠠ ᠶᠢᠨ ᠰᠦᠭ ᠰᠦᠨᠡᠰᠦ ᠪᠣᠯᠣᠨ᠎ᠠ᠃ ᠡᠷᠲᠡᠨ ᠤ ᠪᠠᠭᠤᠷᠢ᠂ ᠡᠷᠲᠡᠨ ᠤ ᠪᠠᠷᠢᠯᠭ᠎ᠠ ᠪᠣᠯ ᠥᠩᠭᠡᠷᠡᠨ | ᠣᠲᠣᠭᠰᠠᠨ ᠴᠠᠭ ᠣᠷᠣᠨ ᠵᠠᠢ ᠶᠢᠨ ᠬᠡᠯᠬᠢᠶᠡᠰᠦ᠂ ᠨᠡᠩ ᠴᠦ ᠲᠡᠦᠬᠡ ᠶᠢᠨ ᠦᠷᠭᠦᠯᠵᠢᠯᠡᠯ ᠮᠥᠨ᠃ ᠡᠳᠡᠭᠡᠷ ᠥᠪ ᠦᠯᠡᠳᠡᠭᠳᠡᠯ ᠳᠤ ᠬᠠᠳᠠᠭᠠᠯᠠᠭᠳᠠᠵᠤ ᠪᠠᠶᠢᠭ᠎ᠠ | ᠲᠡᠦᠬᠡ ᠶᠢᠨ ᠲᠤᠩᠭᠠᠯᠲᠠ ᠪᠠ ᠠᠭᠰᠢᠭᠠᠯᠲᠠ᠂ ᠰᠣᠶᠣᠯ ᠤᠨ ᠣᠨᠴᠠᠯᠢᠭ ᠪᠠ ᠤᠯᠠᠮᠵᠢᠯᠠᠯ ᠨᠢ ᠨᠢᠭᠡᠨ ᠭᠠᠵᠠᠷ ᠣᠷᠣᠨ ᠤ ᠥᠪᠡᠷᠮᠢᠴᠡ ᠬᠡᠪ ᠨᠠᠮᠪᠠ ᠶᠢ ᠪᠦᠷᠢᠯᠳᠦᠭᠦᠯᠵᠦ᠂ | ᠲᠤᠰ ᠭᠠᠵᠠᠷ ᠣᠷᠣᠨ ᠤ ︽ᠨᠡᠷ᠎ᠡ ᠶᠢᠨ ᠬᠠᠭᠤᠳᠠᠰᠤ︾ ᠪᠣᠯᠤᠭᠰᠠᠨ ᠲᠡᠳᠦᠢ ᠦᠭᠡᠢ ᠰᠣᠶᠣᠯ ᠤᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠵᠢᠭᠤᠯᠴᠢᠯᠠᠯ ᠤᠨ ᠵᠠᠬ᠎ᠠ | ᠳᠡᠯᠭᠡᠭᠦᠷ ᠢ ᠲᠡᠭᠦᠯᠳᠡᠷᠵᠢᠭᠦᠯᠦᠨ ᠪᠠᠶᠠᠯᠢᠭᠵᠢᠭᠤᠯᠬᠤ ᠴᠢᠬᠤᠯᠠ ᠡᠬᠢ ᠪᠠᠶᠠᠯᠢᠭ ᠪᠣᠯᠵᠤ ᠪᠠᠶᠢᠭ᠎ᠠ ᠶᠤᠮ᠃ | ᠲᠡᠦᠬᠡ ᠶᠢᠨ ᠳᠤᠷᠠᠰᠬᠠᠯᠲᠤ ᠵᠦᠢᠯᠡᠰ ᠲᠤ ᠬᠠᠮᠠᠭᠠᠯᠠᠯᠲᠠ ᠬᠢᠬᠦ ᠳᠡᠭᠡᠨ ᠡᠷᠬᠡᠪᠰᠢ ᠰᠣᠶᠣᠯ ᠤᠨ ᠰᠡᠳᠬᠢᠬᠦᠢ ᠪᠠᠨ ᠴᠢᠩᠭᠠᠳᠬᠠᠬᠤ ᠬᠡᠷᠡᠭᠲᠡᠢ᠃ | ᠬᠠᠮᠠᠭᠠᠯᠠᠯᠲᠠ ᠶᠢᠨ ᠶᠠᠪᠤᠴᠠ ᠳᠠᠭᠠᠨ ᠲᠤᠰ ᠭᠠᠵᠠᠷ ᠣᠷᠣᠨ ᠤ ᠪᠠᠨ ᠲᠡᠦᠬᠡ ᠪᠠᠶᠢᠭᠠᠯᠢ ᠶᠢᠨ ᠥᠪᠡᠷᠮᠢᠴᠡ ᠣᠨᠴᠠᠯᠢᠭ ᠪᠠ ᠦᠨᠳᠦᠰᠦᠲᠡᠨ ᠤ ᠰᠡᠳᠬᠢᠬᠦᠢ ᠶᠢᠨ | ᠣᠨᠴᠠᠯᠢᠭ ᠢ ᠭᠦᠢᠴᠡᠳ ᠢᠯᠡᠷᠡᠭᠦᠯᠦᠭᠰᠡᠨ ᠪᠠᠶᠢᠬᠤ ᠬᠡᠷᠡᠭᠲᠡᠢ᠂ ᠬᠠᠷᠢᠨ ᠨᠢᠳᠦᠨ ᠡᠮᠦᠨᠡᠬᠢ ᠠᠰᠢᠭ ᠲᠤᠰᠠ ᠶᠢᠨ ᠲᠥᠯᠥᠭᠡ ᠡᠪᠳᠡᠯᠡᠭᠡ ᠶᠢᠨ ᠴᠢᠨᠠᠷ ᠲᠠᠢ ᠨᠡᠭᠡᠭᠡᠨ | ᠠᠰᠢᠭᠯᠠᠯᠲᠠ ᠬᠢᠬᠦ ᠠᠴᠠ ᠵᠠᠶᠢᠯᠠᠰᠬᠢᠪᠡᠯ ᠵᠣᠬᠢᠨ᠎ᠠ᠃ | ᠲᠡᠦᠬᠡ ᠶᠢᠨ ᠳᠤᠷᠠᠰᠬᠠᠯᠲᠤ ᠵᠦᠢᠯᠡᠰ ᠢ ᠰᠢᠨᠵᠢᠯᠡᠬᠦ ᠤᠬᠠᠭᠠᠨᠴᠢ ᠪᠠᠷ ᠨᠡᠭᠡᠭᠡᠨ ᠠᠰᠢᠭᠯᠠᠬᠤ ᠬᠡᠷᠡᠭᠲᠡᠢ᠃ ᠡᠷᠲᠡᠨ ᠤ ᠪᠠᠷᠢᠯᠭ᠎ᠠ᠂ ᠡᠷᠲᠡᠨ ᠤ ᠪᠠᠭᠤᠷᠢ ᠶᠢ | ᠬᠠᠮᠠᠭᠠᠯᠠᠨ᠎ᠠ ᠭᠡᠳᠡᠭ ᠨᠢ ᠪᠢᠲᠡᠭᠦᠮᠵᠢᠯᠡᠵᠦ ᠬᠠᠭᠠᠭᠠᠳ ᠬᠡᠨ ᠬᠥᠮᠥᠨ ᠢ ᠴᠦ ᠤᠷᠤᠭᠤᠯᠬᠤ ᠦᠭᠡᠢ ᠭᠡᠰᠡᠨ ᠰᠠᠨᠠᠭ᠎ᠠ ᠪᠢᠰᠢ᠂ ᠬᠠᠷᠢᠨ ᠰᠠᠶᠢᠲᠤᠷ ᠬᠠᠮᠠᠭᠠᠯᠠᠭᠰᠠᠨ | ᠰᠠᠭᠤᠷᠢᠨ ᠳᠡᠭᠡᠷ᠎ᠡ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠵᠣᠬᠢᠰᠲᠠᠢ ᠪᠠᠷ ᠠᠰᠢᠭᠯᠠᠬᠤ ᠶᠢ ᠵᠢᠭᠠᠵᠤ ᠪᠤᠢ᠃ ᠡᠷᠲᠡᠨ ᠤ ᠪᠠᠷᠢᠯᠭ᠎ᠠ ᠡᠷᠲᠡᠨ ᠤ | ᠪᠠᠭᠤᠷᠢ ᠪᠣᠯ ᠨᠢᠭᠡᠨ ᠭᠠᠵᠠᠷ ᠣᠷᠣᠨ ᠤ ᠰᠣᠶᠣᠯ ᠪᠠ ᠪᠠᠶᠢᠭᠠᠯᠢ ᠶᠢᠨ ᠥᠪᠡᠷᠮᠢᠴᠡ ᠡᠬᠢ ᠪᠠᠶᠠᠯᠢᠭ ᠪᠣᠯᠬᠤᠷ ᠲᠡᠷᠡ ᠨᠢ ᠣᠯᠠᠩᠬᠢ ᠳᠠᠭᠠᠨ ᠰᠣᠶᠣᠯ ᠵᠢᠭᠤᠯᠴᠢᠯᠠᠯ ᠤᠨ | ᠦᠢᠯᠡᠰ ᠲᠠᠢ ᠮᠠᠰᠢ ᠨᠢᠭᠲᠠ ᠬᠤᠯᠪᠤᠭ᠎ᠠ ᠲᠠᠢ ᠪᠠᠶᠢᠳᠠᠭ᠃ ᠡᠶᠢᠮᠦ ᠠᠴᠠ ᠬᠠᠮᠠᠭᠠᠯᠠᠬᠤ ᠪᠠ ᠠᠰᠢᠭᠯᠠᠬᠤ ᠶᠢᠨ ᠬᠠᠷᠢᠴᠠᠭ᠎ᠠ᠂ ᠡᠷᠳᠡᠮ ᠰᠢᠨᠵᠢᠯᠡᠭᠡᠨ ᠤ ᠰᠤᠳᠤᠯᠭᠠᠨ ᠬᠢᠬᠦ | ᠪᠠ ᠵᠢᠭᠤᠯᠴᠢᠯᠠᠯ ᠤᠨ ᠦᠢᠯᠡᠰ ᠤᠨ ᠨᠡᠭᠡᠭᠡᠨ ᠠᠰᠢᠭᠯᠠᠯᠲᠠ ᠬᠢᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠪᠡᠯ ᠰᠠᠢ ᠪᠦᠲᠦᠮᠵᠢᠳᠡᠢ ᠬᠠᠮᠠᠭᠠᠯᠠᠵᠤ᠂ ᠰᠢᠨᠵᠢᠯᠡᠬᠦ | ᠤᠬᠠᠭᠠᠨᠴᠢ ᠪᠠᠷ ᠠᠰᠢᠭᠯᠠᠬᠤ ᠬᠤᠣᠰ ᠢᠯᠠᠯᠲᠠ ᠳᠤ ᠬᠦᠷᠴᠦ ᠴᠢᠳᠠᠨ᠎ᠠ᠃ | ᠰᠣᠶᠣᠯ ᠪᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠰᠦᠭ ᠰᠦᠨᠡᠰᠦ᠂ ᠲᠡᠦᠬᠡ ᠶᠢᠨ ᠥᠪ ᠦᠯᠡᠳᠡᠭᠳᠡᠯ ᠪᠣᠯ ᠨᠢᠭᠡᠨ ᠭᠠᠵᠠᠷ ᠣᠷᠣᠨ ᠤ ᠪᠡᠯᠭᠡ ᠲᠡᠮᠳᠡᠭ | ᠮᠥᠨ᠂ ᠡᠷᠲᠡᠨ ᠤ ᠪᠠᠭᠤᠷᠢ᠂ ᠡᠷᠲᠡᠨ ᠤ ᠪᠠᠷᠢᠯᠭ᠎ᠠ ᠶᠢ ᠬᠠᠮᠠᠭᠠᠯᠠᠬᠤ ᠳᠤ ᠡᠷᠬᠡᠪᠰᠢ ᠰᠣᠶᠣᠯ ᠤᠨ ᠦᠨ᠎ᠡ ᠴᠡᠨ᠎ᠡ ᠶᠢ ᠪᠠᠳᠠᠷᠠᠭᠤᠯᠵᠤ᠂ ᠰᠣᠶᠣᠯ ᠬᠡᠮᠡᠬᠦ ᠭᠤᠣᠯ | ᠴᠥᠮ᠎ᠡ ᠪᠠᠨ ᠪᠠᠷᠢᠮᠲᠠᠯᠠᠬᠤ ᠬᠡᠷᠡᠭᠲᠡᠢ᠃ ᠵᠦᠪᠭᠡᠨ ᠢᠩᠭᠢᠪᠡᠯ ᠰᠠᠢ ᠰᠣᠶᠣᠯ ᠢᠶᠠᠨ ᠤᠯᠠᠮ ᠰᠠᠶᠢᠲᠤᠷ ᠤᠯᠠᠮᠵᠢᠯᠠᠵᠤ᠂ ᠭᠠᠵᠠᠷ ᠣᠷᠣᠨ ᠤ ᠰᠣᠶᠣᠯ ᠤᠨ ᠠᠮᠢᠵᠢᠷᠠᠯ ᠤᠨ | ᠬᠦᠴᠦᠨ ᠢᠶᠠᠨ ᠬᠥᠭᠵᠢᠭᠡᠵᠦ ᠴᠢᠳᠠᠨ᠎ᠠ᠃ |