ᠭᠦᠳᠡᠯᠮᠦᠷᠢ ᠶᠢᠨ ᠬᠥᠮᠦᠵᠢᠯ ᠲᠤᠲᠠᠭᠳᠠᠵᠤ ᠪᠣᠯᠣᠰᠢ ᠦᠭᠡᠢ
ᠨᠡᠶᠢᠲᠡᠯᠡᠭᠰᠡᠨ ᠴᠠᠭ᠄
2025/1/10
       ᠭᠦᠳᠡᠯᠮᠦᠷᠢ ᠶᠢᠨ ᠬᠥᠮᠦᠵᠢᠯ ᠢ ᠴᠢᠳᠠᠪᠤᠷᠢᠲᠠᠨ ᠢ ᠬᠥᠮᠥᠵᠢᠭᠦᠯᠬᠦ ᠶᠠᠪᠤᠴᠠ ᠳᠤ ᠣᠷᠣᠭᠤᠯᠵᠤ᠂ ᠭᠦᠳᠡᠯᠮᠦᠷᠢ ᠶᠢᠨ ᠬᠥᠮᠦᠵᠢᠯ ᠤᠨ ᠵᠠᠪᠠᠯ ᠰᠤᠷᠬᠤ ᠬᠢᠴᠢᠶᠡᠯ ᠨᠡᠭᠡᠭᠡᠵᠦ᠂ ᠵᠢᠯ ᠪᠣᠯᠭᠠᠨ ᠵᠣᠷᠢᠯᠭ᠎ᠠ ᠲᠠᠢ ᠪᠠᠷ ᠨᠢᠭᠡ ᠬᠤᠶᠠᠷ ᠵᠦᠢᠯ ᠤᠨ ᠠᠮᠢᠳᠤᠷᠠᠯ ᠤᠨ ᠴᠢᠳᠠᠪᠤᠷᠢ ᠡᠵᠡᠮᠰᠢᠬᠦ ᠁ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ︽ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠭᠦᠳᠡᠯᠮᠦᠷᠢ ᠶᠢᠨ ᠬᠥᠮᠦᠵᠢᠯ ᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠰᠠᠨᠠᠯ︾ ᠢ ᠨᠡᠶᠢᠲᠡᠯᠡᠵᠦ᠂ ᠭᠦᠳᠡᠯᠮᠦᠷᠢ ᠶᠢᠨ ᠬᠡᠪ ᠴᠢᠨᠠᠷ ᠤᠨ ᠦᠨᠡᠯᠡᠯᠲᠡ ᠪᠠᠷ ᠰᠤᠷᠤᠬᠴᠢ ᠶᠢᠨ ᠪᠦᠭᠦ ᠲᠠᠯ᠎ᠠ ᠶᠢᠨ ᠬᠥᠭᠵᠢᠯᠲᠡ ᠶᠢᠨ ᠴᠢᠬᠤᠯᠠ ᠨᠢᠭᠡ ᠦᠨᠳᠦᠰᠦᠯᠡᠯ ᠪᠤᠯᠭᠠᠵᠤ᠂ ᠰᠤᠷᠭᠠᠭᠤᠯᠢ ᠳᠠᠪᠰᠢᠬᠤ ᠳᠤ ᠴᠢᠬᠤᠯᠠ ᠯᠠᠪᠯᠠᠯᠳᠠ ᠪᠤᠯᠭᠠᠬᠤ ᠬᠡᠷᠡᠭᠲᠡᠢ ᠭᠡᠵᠦ ᠱᠠᠭᠠᠷᠳᠠᠭᠰᠠᠨ ᠪᠢᠯᠡ᠃           ᠭᠦᠳᠡᠯᠮᠦᠷᠢ ᠶᠢᠨ ᠶᠠᠪᠤᠴᠠ ᠳᠤ ᠲᠤᠷᠰᠢᠯᠭ᠎ᠠ ᠬᠤᠷᠠᠮᠳᠤᠭᠤᠯᠤᠨ ᠮᠡᠳᠡᠯᠭᠡ ᠡᠵᠡᠮᠰᠢᠬᠦ ᠨᠢ ᠬᠥᠮᠥᠨ ᠲᠥᠷᠥᠯᠬᠢᠲᠡᠨ ᠤ ᠪᠣᠯᠪᠠᠰᠤᠨ ᠬᠥᠭᠵᠢᠯᠲᠡ ᠶᠢᠨ ᠴᠢᠬᠤᠯᠠ ᠠᠷᠭ᠎ᠠ ᠭᠡᠯᠪᠡᠷᠢ ᠪᠣᠯᠣᠭᠰᠠᠭᠠᠷ ᠢᠷᠡᠭᠰᠡᠨ ᠶᠤᠮ᠃ ᠶᠡᠭᠡ ᠠᠴᠠ ᠶᠠᠷᠢᠪᠠᠯ ᠶᠠᠮᠠᠷ ᠨᠢᠭᠡ ᠵᠦᠢᠯ ᠢ ᠡᠭᠦᠳᠦᠨ ᠪᠦᠲᠦᠭᠡᠬᠦ᠂ ᠪᠠᠭ᠎ᠠ ᠠᠴᠠ ᠶᠠᠷᠢᠬᠤ ᠳᠤ ᠪᠢᠳᠡᠨ ᠤ ᠡᠳᠦᠷ ᠳᠤᠳᠤᠮ ᠤᠨ ᠠᠮᠢᠳᠤᠷᠠᠯ ᠤᠨ ᠮᠡᠳᠡᠯᠭᠡ ᠶᠢ ᠬᠤᠷᠠᠮᠳᠤᠭᠤᠯᠬᠤ ᠳᠤ ᠪᠦᠷ ᠭᠦᠳᠡᠯᠮᠦᠷᠢ ᠦᠢᠯᠡᠳᠦᠯᠭᠡ ᠠᠴᠠ ᠰᠠᠯᠵᠤ ᠴᠢᠳᠠᠬᠤ ᠦᠭᠡᠢ ᠪᠠᠶᠢᠳᠠᠭ᠃ ᠬᠥᠮᠥᠰ ᠭᠦᠳᠡᠯᠮᠦᠷᠢ ᠶᠢᠨ ᠳᠤᠮᠳᠠ ᠠᠴᠠ ᠠᠮᠢᠳᠤᠷᠠᠯ ᠤᠨ ᠤᠬᠠᠭᠠᠨ ᠰᠤᠷᠴᠤ᠂ ᠣᠷᠣᠰᠢᠨ ᠲᠣᠭᠲᠠᠨᠢᠬᠤ ᠴᠢᠳᠠᠪᠤᠷᠢ ᠡᠵᠡᠮᠰᠢᠳᠡᠭ᠃ ᠭᠡᠪᠡᠴᠦ᠂ ᠣᠳᠣᠬᠢ ᠪᠠᠶᠢᠳᠠᠯ ᠠᠴᠠ ᠦᠵᠡᠬᠦ ᠳᠤ ᠡᠯᠳᠡᠪ ᠵᠦᠢᠯ ᠤᠨ ᠰᠢᠯᠲᠠᠭᠠᠨ ᠠᠴᠠ ᠪᠣᠯᠵᠤ ᠬᠡᠦᠬᠡᠳ ᠪᠠᠭᠠᠴᠤᠳ ᠤᠨ ᠭᠦᠳᠡᠯᠮᠦᠷᠢ ᠳᠤ ᠣᠷᠤᠯᠴᠠᠬᠤ ᠵᠠᠪᠰᠢᠶᠠᠨ ᠪᠠᠭᠠᠰᠴᠤ᠂ ᠭᠦᠳᠡᠯᠮᠦᠷᠢ ᠠᠴᠠ ᠵᠠᠶᠢᠳᠠᠵᠤ᠂ ᠭᠦᠳᠡᠯᠮᠦᠷᠢ ᠶᠢᠨ ᠴᠢᠬᠤᠯᠠ ᠴᠢᠨᠠᠷ ᠤᠨ ᠲᠤᠬᠠᠢ ᠲᠠᠨᠢᠯᠲᠠ ᠴᠤ ᠪᠠᠭᠤᠷᠠᠢ ᠪᠠᠶᠢᠵᠤ᠂ ᠴᠢᠨᠠᠭᠰᠢᠯᠠᠨ ᠰᠤᠷᠭᠠᠭᠤᠯᠢ ᠭᠡᠷ ᠪᠦᠯᠢ ᠴᠤ ᠭᠦᠳᠡᠯᠮᠦᠷᠢ ᠶᠢᠨ ᠬᠥᠮᠦᠵᠢᠯ ᠢ ᠬᠥᠩᠭᠡᠪᠴᠢᠯᠡᠳᠡᠭ ᠠᠴᠠ ᠪᠣᠯᠵᠤ ᠰᠤᠷᠤᠬᠴᠢᠳ ᠭᠦᠳᠡᠯᠮᠦᠷᠢ ᠶᠢᠨ ᠦᠷ᠎ᠡ ᠪᠦᠲᠦᠭᠡᠯ ᠢ ᠨᠠᠨᠳᠢᠩᠨᠠᠬᠤ ᠦᠭᠡᠢ᠂ ᠭᠦᠳᠡᠯᠮᠦᠷᠢ ᠳᠤ ᠣᠷᠤᠯᠴᠠᠬᠤ ᠳᠤᠷ᠎ᠠ ᠦᠭᠡᠢ ᠪᠣᠯᠣᠨ᠎ᠠ᠂ ᠨᠡᠩ ᠴᠤ ᠭᠦᠳᠡᠯᠮᠦᠷᠢ ᠶᠢᠨ ᠦᠨ᠎ᠡ ᠦᠷᠳᠡᠭ ᠢ ᠬᠠᠮᠢᠭ᠎ᠠ ᠠᠴᠠ ᠣᠶᠢᠯᠠᠭᠠᠬᠤ ᠪᠢᠯᠡ ᠳ᠋ᠧ︕             ᠢᠯᠠᠩᠭᠤᠶ᠎ᠠ ᠵᠠᠷᠢᠮ ᠭᠡᠷ ᠤᠨ ᠠᠬᠠᠮᠠᠳ ᠠᠵᠢᠯ ᠭᠦᠳᠡᠯᠮᠦᠷᠢ ᠬᠢᠬᠦ ᠨᠢ ᠬᠡᠦᠬᠡᠳ ᠤᠨ ᠰᠤᠷᠤᠯᠭ᠎ᠠ ᠶᠢ ᠬᠠᠷᠰᠢᠯᠠᠬᠤ ᠪᠢᠯᠢᠦ᠂ ᠬᠡᠦᠬᠡᠳ ᠪᠠᠭ᠎ᠠ ᠪᠠᠶᠢᠭᠰᠠᠭᠠᠷ᠂ ᠬᠦᠴᠢᠷ ᠠᠮᠰᠠᠭᠤᠯᠤᠭᠠᠳ ᠶᠠᠭᠠᠬᠢᠨ᠎ᠠ ᠪᠤᠢ᠂ ᠲᠣᠮᠣ ᠪᠣᠯᠪᠠᠯ ᠠᠶᠠᠨᠳᠠᠭᠠᠨ ᠴᠢᠳᠠᠴᠢᠬᠠᠬᠤ ᠵᠦᠢᠯᠡᠰ ᠭᠡᠵᠦ ᠬᠡᠦᠬᠡᠳ ᠤᠨ ᠢᠶᠠᠨ ᠡᠮᠦᠨ᠎ᠡ ᠠᠴᠠ ᠶᠠᠭᠤ ᠪᠦᠭᠦᠳᠡ ᠶᠢ ᠬᠢᠭᠡᠳ ᠮᠤᠩᠭᠠᠨᠢᠳᠠᠭ ᠠᠴᠠ ᠬᠡᠦᠬᠡᠳ ᠨᠡᠩ ᠭᠦᠳᠡᠯᠮᠦᠷᠢ ᠳᠤ ᠳᠤᠷ᠎ᠠ ᠪᠠᠬ᠎ᠠ ᠦᠭᠡᠢ ᠪᠣᠯᠵᠤ᠂ ᠥᠪᠡᠷ ᠤᠨ ᠬᠢᠬᠦ ᠶᠣᠰᠣᠲᠠᠢ ᠵᠦᠢᠯ ᠢᠶᠠᠨ ᠴᠤ ᠬᠢᠬᠦ ᠦᠭᠡᠢ ᠬᠦᠯᠢᠶᠡᠵᠦ ᠰᠠᠭᠤᠬᠤ ᠳᠠᠳᠬᠠᠯ ᠲᠠᠢ ᠪᠣᠯᠴᠢᠬᠠᠬᠤ ᠨᠢ ᠴᠤ ᠪᠤᠢ᠃ ᠡᠭᠦᠨ ᠠᠴᠠ ᠪᠣᠯᠵᠤ ᠵᠠᠷᠢᠮ ᠬᠡᠦᠬᠡᠳ ᠰᠤᠷᠭᠠᠭᠤᠯᠢ ᠳᠠᠭᠠᠨ ᠵᠢᠵᠢᠭᠦᠷ ᠢᠶᠠᠨ ᠴᠤ ᠬᠢᠬᠦ ᠡᠪ ᠲᠦᠢ ᠶᠢ ᠨᠢ ᠣᠯᠬᠤ ᠦᠭᠡᠢ ᠭᠠᠴᠢᠭᠳᠠᠵᠤ᠂ ᠴᠢᠨᠠᠭᠰᠢᠯᠠᠭᠠᠳ ᠳᠠᠰᠬᠠᠯ ᠳᠠᠭᠠᠭᠠᠯᠭᠠᠪᠤᠷᠢ ᠪᠠᠨ ᠬᠢᠬᠦ ᠠᠴᠠ ᠴᠤ ᠵᠠᠯᠬᠠᠭᠤᠷᠠᠨ ᠬᠤᠶᠢᠰᠢ ᠤᠬᠤᠷᠢᠳᠠᠭ᠃ ᠬᠡᠦᠬᠡᠳ ᠪᠠᠭᠠᠴᠤᠳ ᠭᠡᠰᠡᠨ ᠦᠭᠡᠢ ᠠᠵᠢᠯ ᠭᠦᠳᠡᠯᠮᠦᠷᠢ ᠶᠢᠨ ᠳᠤᠮᠳᠠ ᠬᠠᠲᠠᠭᠤᠵᠢᠨ ᠪᠣᠯᠪᠠᠰᠤᠷᠠᠵᠤ ᠦᠰᠦᠨ ᠲᠣᠮᠣᠭᠠᠵᠢᠵᠤ ᠠᠮᠢᠳᠤᠷᠠᠯ ᠤᠨ ᠤᠬᠠᠭᠠᠨ ᠰᠠᠭᠤᠳᠠᠭ᠃ ᠳᠡᠭᠡᠭᠦ ᠪᠠᠷ ᠢᠶᠠᠨ ᠰᠤᠷᠭᠠᠭᠤᠯᠢ ᠭᠡᠷ ᠤᠨ ᠠᠬᠠᠮᠠᠳ ᠭᠡᠰᠡᠨ ᠦᠭᠡᠢ ᠭᠦᠳᠡᠯᠮᠦᠷᠢ ᠶᠢᠨ ᠬᠢᠴᠢᠶᠡᠯ ᠢ ᠦᠨᠡᠬᠡᠷ ᠨᠥᠬᠦᠬᠦ ᠴᠢᠬᠤᠯᠠ ᠲᠠᠢ ᠪᠣᠯᠵᠤ ᠪᠠᠶᠢᠨ᠎ᠠ᠃             ᠭᠦᠳᠡᠯᠮᠦᠷᠢ ᠶᠢᠨ ᠬᠥᠮᠦᠵᠢᠯ ᠪᠢᠳᠡᠨ ᠳᠤ ᠭᠦᠳᠡᠯᠮᠦᠷᠢ ᠶᠢᠨ ᠤᠷ᠎ᠠ ᠳᠡᠮ ᠢ ᠡᠵᠡᠮᠰᠢᠭᠦᠯᠬᠦ ᠪᠠᠷ ᠪᠠᠷᠠᠬᠤ ᠦᠭᠡᠢ ᠵᠥᠪ ᠭᠦᠳᠡᠯᠮᠦᠷᠢ ᠶᠢᠨ ᠦᠨ᠎ᠡ ᠦᠷᠳᠡᠭ ᠤᠨ ᠦᠵᠡᠯᠲᠡ ᠶᠢ ᠱᠤᠭᠤᠳᠠᠭ᠃ ᠪᠢᠳᠡ ᠬᠡᠦᠬᠡᠳ ᠲᠡᠭᠡᠨ ᠬᠠᠷᠠᠬᠠᠨ ᠪᠠᠭ᠎ᠠ ᠠᠴᠠ ᠭᠦᠳᠡᠯᠮᠦᠷᠢ ᠳᠤ ᠡᠷᠬᠢᠮ ᠳᠡᠭᠡᠳᠦ ᠪᠠ ᠡᠭᠡᠯ ᠳᠣᠣᠷᠠᠳᠤ ᠶᠢᠨ ᠢᠯᠭᠠᠭ᠎ᠠ ᠪᠠᠶᠢᠳᠠᠭ ᠦᠭᠡᠢ ᠭᠡᠳᠡᠭ ᠶᠣᠰᠣ ᠤᠴᠢᠷ ᠢ ᠮᠡᠳᠡᠭᠦᠯᠵᠦ᠂ ᠭᠦᠳᠡᠯᠮᠦᠷᠢ ᠶᠢᠨ ᠰᠠᠶᠢᠬᠠᠨ ᠳᠠᠳᠬᠠᠯ ᠢ ᠬᠥᠮᠥᠵᠢᠭᠦᠯᠵᠦ᠂ ᠳᠡᠳᠡᠨ ᠳᠤ ᠭᠦᠳᠡᠯᠮᠦᠷᠢ ᠶᠢᠨ ᠢᠷᠠᠭᠤ ᠠᠯᠳᠠᠷ᠂ ᠡᠷᠬᠢᠮ ᠳᠡᠭᠡᠳᠦ᠂ ᠠᠭᠤᠤ ᠶᠡᠭᠡ᠂ ᠭᠤᠸ᠎ᠠ ᠰᠠᠶᠢᠬᠠᠨ ᠢ ᠮᠡᠳᠡᠷᠡᠭᠦᠯᠵᠦ᠂ ᠡᠭᠡᠯ ᠬᠥᠮᠥᠰ ᠤᠨ ᠭᠦᠳᠡᠯᠮᠦᠷᠢ ᠪᠠᠷ ᠪᠢᠳᠡ ᠨᠡᠶᠢᠭᠡᠮ ᠤᠨ ᠲᠣᠮᠣ ᠦᠷᠳᠡᠭ ᠢ ᠪᠦᠲᠦᠭᠡᠵᠦ ᠪᠠᠶᠢᠳᠠᠭ᠂ ᠵᠣᠯ ᠵᠢᠷᠭᠠᠯ ᠲᠠᠢ ᠠᠮᠢᠳᠤᠷᠠᠯ᠂ ᠭᠡᠭᠡᠨ ᠰᠠᠷᠠᠭᠤᠯ ᠢᠷᠡᠭᠡᠳᠦᠢ ᠪᠠᠨ ᠪᠦᠷ ᠥᠪᠡᠷ ᠤᠨ ᠬᠤᠶᠠᠷ ᠭᠠᠷ ᠢᠶᠠᠷ ᠢᠶᠠᠨ ᠴᠣᠭᠴᠠᠯᠠᠳᠠᠭ ᠭᠡᠳᠡᠭ ᠢ ᠣᠶᠢᠯᠠᠭᠠᠭᠤᠯᠤᠶ᠎ᠠ︕  
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ