ᠡᠷᠡᠭᠦᠯ ᠮᠡᠨᠳᠦ ᠪᠣᠯ ᠪᠡᠶ᠎ᠡ ᠶᠢᠨ ᠲᠠᠮᠢᠷ ᠤᠨ ᠬᠠᠮᠤᠭ ᠤᠨ ᠳᠡᠭᠡᠳᠦ ᠬᠥᠭᠡᠭᠡᠴᠡᠯᠳᠦᠯ᠂ ᠡᠷᠡᠭᠦᠯ ᠮᠡᠨᠳᠦ ᠪᠣᠯ ᠪᠡᠶ᠎ᠡ ᠶᠢᠨ ᠲᠠᠮᠢᠷ ᠤᠨ ᠡᠴᠦᠰ ᠤᠨ ᠬᠠᠷᠠᠯᠲᠠ | ᠮᠥᠨ᠃ ᠡᠷᠡᠭᠦᠯ ᠮᠡᠨᠳᠦ ᠠᠮᠢᠳᠤᠷᠠᠯ ᠨᠢ ᠪᠡᠶ᠎ᠡ ᠶᠢᠨ ᠲᠠᠮᠢᠷ ᠤᠨ ᠪᠣᠯᠪᠠᠰᠤᠷᠠᠯ ᠠᠴᠠ ᠰᠠᠯᠵᠤ ᠴᠢᠳᠠᠬᠤ ᠦᠭᠡᠢ ᠶᠤᠮ᠃ ᠪᠡᠶ᠎ᠡ ᠶᠢᠨ ᠲᠠᠮᠢᠷ ᠤᠨ ᠪᠣᠯᠪᠠᠰᠤᠷᠠᠯ ᠢ | ᠠᠷᠠᠳ ᠤᠯᠠᠨ ᠤ ᠠᠮᠢᠳᠤᠷᠠᠯ ᠳᠤ ᠭᠦᠨᠵᠡᠭᠡᠢ ᠠᠭᠤᠰᠤᠯᠴᠠᠭᠤᠯᠬᠤ ᠪᠣᠯ ᠳᠠᠷᠤᠢ ᠪᠡᠶ᠎ᠡ ᠶᠢᠨ ᠲᠠᠮᠢᠷ ᠢ ᠴᠠᠭ ᠢᠮᠠᠭᠲᠠ ᠠᠮᠢᠳᠤᠷᠠᠯ ᠲᠠᠢ ᠣᠶᠢᠷᠠᠲᠤᠭᠤᠯᠵᠤ᠂ ᠪᠡᠶ᠎ᠡ ᠶᠢᠨ | ᠲᠠᠮᠢᠷ ᠤᠨ ᠠᠮᠢᠳᠤᠷᠠᠯ ᠢ ᠠᠷᠠᠳ ᠤᠯᠠᠨ ᠤ ᠡᠳᠦᠷ ᠳᠤᠲᠤᠮ ᠤᠨ ᠠᠮᠢᠳᠤᠷᠠᠯ ᠤᠨ ᠲᠤᠲᠠᠭᠳᠠᠵᠤ ᠪᠣᠯᠣᠰᠢ ᠦᠭᠡᠢ ᠪᠦᠷᠢᠯᠳᠦᠭᠦᠨ ᠬᠡᠰᠡᠭ ᠪᠤᠯᠭᠠᠬᠤ ᠶᠠᠪᠤᠳᠠᠯ ᠮᠥᠨ᠃ | ᠡᠶᠢᠮᠦ ᠠᠴᠠ ᠤᠯᠠᠨ ᠲᠦᠮᠡᠨ ᠤ ᠪᠡᠶ᠎ᠡ ᠶᠢᠨ ᠲᠠᠮᠢᠷ ᠤᠨ ᠠᠮᠢᠳᠤᠷᠠᠯ ᠢ ᠨᠠᠷᠢᠯᠢᠭ ᠮᠥᠷᠲᠡᠭᠡᠨ ᠪᠦᠷᠢᠨ ᠪᠤᠯᠭᠠᠬᠤ ᠲᠡᠶᠢᠰᠢ ᠬᠥᠭᠵᠢᠭᠦᠯᠵᠦ᠂ ᠪᠡᠶ᠎ᠡ ᠶᠢᠨ ᠲᠠᠮᠢᠷ ᠢ | ᠬᠥᠮᠥᠰ ᠤᠨ ᠬᠡᠪ ᠤᠨ ᠠᠮᠢᠳᠤᠷᠠᠯ ᠳᠤ ᠠᠭᠤᠰᠬᠠᠬᠤ ᠴᠢᠬᠤᠯᠠᠲᠠᠢ᠃ ᠣᠳᠣᠬᠠᠨ ᠳᠤ ᠮᠠᠨ ᠤ ᠣᠷᠣᠨ ᠤ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠳᠠᠭᠠᠨ | ᠦᠨᠳᠦᠰᠦᠯᠡᠨ ᠥᠷᠭᠡᠨ ᠤᠯᠠᠨ ᠰᠠᠭᠤᠭᠠᠯᠢ ᠠᠷᠠᠳ ᠢ ᠤᠬᠠᠭᠤᠯᠤᠨ ᠳᠠᠶᠢᠴᠢᠯᠠᠭᠰᠠᠨ ᠢᠶᠠᠷ᠂ ᠭᠡᠷ ᠲᠡᠭᠡᠨ ᠪᠡᠶ᠎ᠡ ᠪᠠᠨ ᠪᠤᠯᠪᠠᠰᠤᠷᠠᠭᠤᠯᠬᠤ ᠨᠢ ᠤᠯᠠᠨ ᠲᠦᠮᠡᠨ ᠤ | ᠪᠡᠶ᠎ᠡ ᠪᠠᠨ ᠴᠢᠭᠢᠷᠠᠭᠵᠢᠭᠤᠯᠬᠤ ᠰᠢᠨ᠎ᠡ ᠰᠣᠩᠭᠤᠯᠲᠠ ᠪᠣᠯᠵᠤ ᠪᠠᠶᠢᠨ᠎ᠠ᠃ ᠡᠨᠡ ᠨᠢ ᠪᠡᠶ᠎ᠡ ᠶᠢᠨ ᠲᠠᠮᠢᠷ ᠤᠨ ᠬᠠᠪᠤ ᠴᠡᠩᠭᠡᠯ ᠢ ᠨᠡᠩ ᠤᠯᠠᠨ ᠬᠥᠮᠥᠰ ᠲᠤ ᠡᠳ᠋ᠯᠡᠭᠦᠯᠵᠦ᠂ | ᠪᠦᠭᠦ ᠦᠶᠡᠯᠡᠯ ᠤᠨ ᠬᠤᠭᠤᠴᠠᠭᠠᠨ ᠳᠤ ᠲᠦᠭᠡᠮᠡᠯᠵᠢᠭᠦᠯᠬᠦ ᠶᠢ ᠵᠣᠷᠢᠭᠰᠠᠨ ᠪᠦᠳᠦᠮᠵᠢᠳᠠᠢ ᠬᠠᠶᠢᠯᠲᠠ ᠪᠠᠶᠢᠵᠤ᠂ ᠡᠷᠡᠭᠦᠯ ᠮᠡᠨᠳᠤ ᠠᠮᠢᠳᠤᠷᠠᠯ ᠤᠨ ᠠᠷᠭ᠎ᠠ ᠭᠡᠯᠪᠡᠷᠢ ᠶᠢ | ᠪᠦᠷᠢᠯᠳᠦᠭᠦᠯᠬᠦ ᠳᠤ ᠪᠦᠳᠦᠮᠵᠢᠳᠠᠢ ᠲᠤᠷᠰᠢᠯᠭ᠎ᠠ ᠬᠤᠷᠠᠮᠳᠤᠭᠤᠯᠤᠭᠰᠠᠨ ᠨᠢ ᠵᠠᠶᠢᠯᠠᠰᠢ ᠦᠭᠡᠢ᠃ |