ᠲᠦᠷᠦ ᠭᠦᠷᠦᠨ ᠤ ᠵᠣᠭᠰᠣᠴᠠ ᠠᠴᠠ ᠠᠪᠴᠤ ᠬᠡᠯᠡᠪᠡᠯ᠂ ᠮᠦᠽᠧᠢ ᠨᠢ ᠲᠤᠮᠳᠠᠳᠤ ᠶᠢᠨ ᠰᠣᠶᠣᠯ ᠢ ᠲᠦᠭᠡᠮᠡᠯᠵᠢᠭᠦᠯᠦᠨ ᠳᠡᠯᠭᠡᠷᠡᠭᠦᠯᠬᠦ᠂ ᠤᠯᠤᠰ ᠤᠨ | ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠰᠣᠶᠣᠯ ᠤᠨ ᠢᠲᠡᠭᠡᠯ ᠢ ᠨᠡᠮᠡᠭᠳᠡᠭᠦᠯᠬᠦ᠂ ᠤᠯᠠᠨ ᠶᠠᠩᠵᠤᠲᠤ ᠰᠣᠶᠣᠯ ᠤᠨ ᠰᠣᠯᠢᠯᠴᠠᠭ᠎ᠠ ᠪᠣᠯᠣᠨ ᠦᠢᠯᠡᠳᠦᠯᠴᠡᠯ ᠢ | ᠠᠬᠢᠭᠤᠯᠬᠤ ᠴᠢᠬᠤᠯᠠ ᠲᠠᠪᠴᠠᠩ ᠮᠥᠨ᠃ ᠨᠡᠶᠢᠭᠡᠮ ᠤᠨ ᠳᠠᠪᠬᠤᠷᠭ᠎ᠠ ᠠᠴᠠ ᠦᠵᠡᠪᠡᠯ᠂ ᠮᠦᠽᠧᠢ ᠨᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠨ᠂ | ᠨᠡᠶᠢᠭᠡᠮ ᠤᠨ ᠡᠶ᠎ᠡ ᠵᠣᠬᠢᠴᠠᠯ ᠢ ᠪᠠᠲᠤᠯᠠᠬᠤ ᠴᠢᠬᠤᠯᠠ ᠬᠥᠳᠡᠯᠭᠡᠭᠴᠢ ᠬᠦᠴᠦᠨ ᠪᠣᠯᠵᠤ᠂ ᠣᠷᠣᠨ ᠪᠦᠰᠡ ᠶᠢᠨ ᠬᠥᠭᠵᠢᠯᠲᠡ ᠶᠢ ᠲᠦᠯᠬᠢᠨ ᠠᠬᠢᠭᠤᠯᠬᠤ᠂ ᠬᠤᠳᠠ | ᠬᠥᠳᠡᠭᠡ ᠶᠢᠨ ᠬᠥᠭᠵᠢᠯᠲᠡ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠳᠤ ᠢᠳᠡᠪᠬᠢᠲᠡᠢ ᠦᠢᠯᠡᠳᠦᠯ ᠦᠵᠡᠭᠦᠯᠳᠡᠭ᠃ ᠠᠷᠠᠳ ᠢᠷᠭᠡᠳ ᠤᠨ ᠲᠠᠯ᠎ᠠ ᠠᠴᠠ ᠶᠠᠷᠢᠪᠠᠯ᠂ | ᠮᠦᠽᠧᠢ ᠨᠢ ᠰᠣᠶᠣᠯ ᠤᠨ ᠢᠲᠡᠭᠡᠯ ᠢ ᠪᠠᠲᠤᠳᠬᠠᠬᠤ ᠬᠦᠴᠦᠲᠦ ᠵᠡᠪᠰᠡᠭ᠂ ᠮᠡᠳᠡᠯᠭᠡ ᠭᠦᠷᠳᠡᠭᠦ ᠴᠢᠬᠤᠯᠠ ᠲᠠᠪᠴᠠᠩ ᠪᠣᠯᠵᠤ ᠪᠠᠶᠢᠳᠠᠭ᠃ | ᠤᠯᠠᠮᠵᠢᠯᠠᠯᠲᠤ ᠣᠶᠢᠯᠠᠭᠠᠭᠳᠠᠬᠤᠨ ᠳᠤ᠂ ᠮᠦᠽᠧᠢ ᠨᠢ ᠵᠦᠪᠭᠡᠨ ᠲᠡᠦᠬᠡ ᠶᠢᠨ ᠳᠤᠷᠠᠰᠬᠠᠯᠲᠤ ᠵᠦᠢᠯ ᠢ ᠬᠤᠷᠢᠶᠠᠨ ᠬᠠᠳᠠᠭᠠᠯᠠᠬᠤ᠂ ᠠᠪᠤᠷᠠᠨ ᠬᠠᠮᠠᠭᠠᠯᠠᠬᠤ᠂ | ᠰᠤᠳᠤᠯᠬᠤ ᠪᠠᠶᠢᠭᠤᠯᠭ᠎ᠠ ᠪᠠᠶᠢᠵᠤ᠂ ᠠᠮᠢᠵᠢᠷᠠᠯ ᠤᠨ ᠬᠦᠴᠦᠨ ᠢᠶᠠᠷ ᠠᠨᠠᠢ ᠪᠠᠶᠢᠳᠠᠭ᠃ ᠭᠡᠪᠡᠴᠦ ᠰᠤᠷᠠᠭ ᠵᠠᠩᠭᠢᠵᠢᠯᠲᠠ ᠶᠢᠨ ᠰᠢᠨ᠎ᠡ ᠡᠷᠢᠨ ᠳᠤ᠂ ᠮᠦᠽᠧᠢ ᠨᠢ ᠰᠢᠨ᠎ᠡ | ᠮᠡᠷᠭᠡᠵᠢᠯ ᠰᠢᠨ᠎ᠡ ᠵᠠᠭᠤᠴᠢᠯᠠᠭᠤᠷ ᠢ ᠠᠰᠢᠭᠯᠠᠨ᠂ ᠳᠦᠷᠢ ᠲᠥᠷᠬᠦ ᠪᠠᠨ ᠬᠤᠪᠢᠷᠠᠭᠤᠯᠤᠨ᠂ ᠤᠯᠠᠮᠵᠢᠯᠠᠯᠲᠤ ᠴᠢᠳᠠᠪᠬᠢ ᠪᠠᠨ ᠥᠷᠭᠡᠳᠬᠡᠵᠦ᠂ ᠬᠡᠷᠡᠭᠯᠡᠭᠴᠢ ᠶᠢᠨ | ᠣᠷᠤᠯᠴᠠᠯᠭ᠎ᠠ ᠶᠢ ᠨᠡᠮᠡᠭᠳᠡᠭᠦᠯᠦᠨ᠂ ᠰᠣᠶᠣᠯ ᠤᠨ ᠳᠠᠮᠵᠢᠭᠤᠯᠭ᠎ᠠ ᠶᠢᠨ ᠴᠢᠬᠤᠯᠠ ᠬᠦᠴᠦᠨ ᠪᠣᠯᠵᠤ ᠪᠤᠢ᠃ | ᠮᠠᠨ ᠤ ᠣᠷᠣᠨ ᠤ ᠬᠠᠮᠤᠭ ᠤᠨ ᠲᠣᠮᠣ᠂ ᠨᠥᠯᠥᠭᠡᠯᠡᠬᠦ ᠬᠦᠴᠦᠨ ᠢᠶᠠᠷ ᠬᠠᠮᠤᠭ ᠤᠨ ᠶᠡᠭᠡ ᠮᠦᠽᠧᠢ ᠪᠤᠯᠬᠤ ᠥᠪᠥᠷ ᠮᠣᠩᠭᠤᠯ ᠤᠨ ᠮᠦᠽᠧᠢ ᠶᠢᠨ | ᠬᠦᠷᠢᠶᠡᠯᠡᠩ ᠨᠢ ᠤᠯᠠᠨ ᠵᠢᠯ ᠤᠨ ᠲᠤᠷᠰᠢ ᠰᠢᠨ᠎ᠡ ᠮᠡᠷᠭᠡᠵᠢᠯ ᠰᠢᠨ᠎ᠡ ᠵᠠᠭᠤᠴᠢᠯᠠᠭᠤᠷ ᠢ ᠠᠰᠢᠭᠯᠠᠨ᠂ ᠮᠦᠽᠧᠢ ᠶᠢᠨ ᠴᠢᠳᠠᠪᠬᠢ ᠪᠠᠨ ᠲᠡᠭᠦᠯᠳᠡᠷᠵᠢᠭᠦᠯᠦᠭᠰᠡᠭᠡᠷ ᠢᠷᠡᠵᠡᠢ᠃ | ᠲᠤᠬᠠᠶᠢᠯᠠᠪᠠᠯ᠂ ᠲᠡᠦᠬᠡ ᠶᠢᠨ ᠳᠤᠷᠠᠰᠬᠠᠯᠲᠤ ᠵᠦᠢᠯᠡᠰ ᠲᠤ ᠡᠯᠧᠺᠳ᠋ᠷᠦᠨ ᠲᠠᠩᠰᠠ ᠡᠪᠬᠡᠮᠡᠯ ᠵᠣᠬᠢᠶᠠᠵᠤ ᠥᠭᠬᠦ᠂ ᠵᠢᠷᠤᠭ ᠪᠠ ᠲᠠᠨᠢᠯᠴᠠᠭᠤᠯᠭ᠎ᠠ ᠶᠢᠨ ᠮᠠᠲ᠋ᠧᠷᠢᠶᠠᠯ ᠢ ᠨᠢ | ᠬᠠᠳᠠᠬᠤ᠂ ᠰᠢᠨ᠎ᠡ ᠮᠡᠷᠭᠡᠵᠢᠯ ᠢᠶᠠᠷ ᠮᠦᠽᠧᠢ ᠪᠠᠨ ᠲᠠᠰᠤᠷᠠᠯᠳᠠ ᠦᠭᠡᠢ ᠲᠣᠭᠠᠴᠢᠯᠠᠨ ᠣᠶᠤᠨᠴᠢᠯᠠᠬᠤ ᠠᠵᠢᠯ ᠢ ᠬᠢᠭᠰᠡᠭᠡᠷ ᠢᠷᠡᠵᠡᠢ᠃ ᠮᠥᠨ ᠤᠯᠠᠨ ᠲᠦᠷᠦᠯ ᠤᠨ | ᠰᠦᠯᠵᠢᠶᠡᠨ ᠳᠡᠭᠡᠷᠡᠬᠢ ᠪᠣᠯᠣᠨ ᠰᠦᠯᠵᠢᠶᠡᠨ ᠠᠴᠠ ᠭᠠᠳᠠᠨᠠᠬᠢ ᠨᠡᠶᠢᠭᠡᠮ ᠤᠨ ᠰᠤᠷᠭᠠᠨ ᠬᠥᠮᠦᠵᠢᠯ ᠤᠨ ᠠᠵᠢᠯᠯᠠᠭᠠᠨ ᠥᠷᠨᠢᠭᠦᠯᠵᠦ᠂ ᠨᠡᠶᠢᠭᠡᠮ ᠤᠨ ᠰᠤᠷᠭᠠᠨ | ᠬᠥᠮᠦᠵᠢᠯ ᠤᠨ ᠲᠥᠪ ᠪᠣᠯᠵᠠᠢ᠃ ᠵᠢᠴᠢ 2013 ᠣᠨ ᠠᠴᠠ᠂ ᠥᠪᠥᠷ ᠮᠣᠩᠭᠤᠯ ᠤᠨ ᠮᠦᠽᠧᠢ ᠶᠢᠨ ᠬᠦᠷᠢᠶᠡᠯᠡᠩ ᠨᠢ ᠪᠦᠭᠦ ᠤᠯᠤᠰ ᠤᠨ ᠠᠩᠬᠠᠳᠠᠭᠴᠢ | ᠲᠣᠭᠠᠴᠢᠯᠠᠭᠰᠠᠨ ᠨᠡᠭᠦᠳᠡᠯ ᠮᠦᠽᠧᠢ ᠶᠢ ᠠᠵᠢᠯᠯᠠᠭᠤᠯᠵᠤ᠂ ᠤᠯᠤᠰ ᠳᠠᠶᠠᠭᠠᠷ ᠲᠤ ᠤᠮᠠᠷᠠᠲᠤ ᠶᠢᠨ ᠨᠡᠭᠦᠳᠡᠯᠴᠢᠨ ᠦᠨᠳᠦᠰᠦᠲᠡᠨ ᠤ ᠲᠡᠦᠬᠡ ᠰᠣᠶᠣᠯ ᠢ | ᠠᠮᠢᠳᠤᠯᠢᠭ ᠢᠶᠠᠷ ᠤᠯᠠᠮᠵᠢᠯᠠᠭᠰᠠᠨ ᠪᠠᠶᠢᠨ᠎ᠠ᠃ | ᠠᠷᠠᠳ ᠤᠯᠠᠨ ᠤ ᠤᠯᠠᠨ ᠲᠡᠰ ᠳᠠᠪᠬᠤᠷᠭ᠎ᠠ ᠶᠢᠨ᠂ ᠤᠯᠠᠨ ᠡᠰᠢᠵᠢᠭᠰᠡᠨ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠮᠦᠽᠧᠢ ᠶᠢᠨ | ᠠᠳᠠᠯᠢ ᠲᠡᠭᠰᠢ ᠪᠠᠶᠢᠬᠤ᠂ ᠥᠷᠭᠡᠨ ᠪᠦᠷᠬᠦᠴᠡ ᠲᠠᠢ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠪᠣᠯ ᠮᠦᠽᠧᠢ ᠶᠢᠨ ᠬᠠᠮᠤᠭ ᠤᠨ | ᠴᠢᠬᠤᠯᠠ ᠴᠢᠳᠠᠪᠬᠢ ᠪᠣᠯᠣᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠡᠭᠦᠰᠦᠭᠰᠡᠨ ᠠᠶᠤᠯ ᠭᠠᠴᠢᠭᠲᠤ ᠴᠠᠭ ᠮᠥᠴᠡ ᠳᠤ᠂ ᠥᠪᠥᠷ ᠮᠣᠩᠭᠤᠯ ᠤᠨ | ᠮᠦᠽᠧᠢ ᠶᠢᠨ ᠬᠦᠷᠢᠶᠡᠯᠡᠩ ᠨᠢ ᠡᠯᠪᠡᠭ ᠠᠭᠤᠯᠭ᠎ᠠ ᠲᠠᠢ ᠰᠦᠯᠵᠢᠶᠡᠨ ᠳᠡᠭᠡᠷᠡᠬᠢ ᠰᠤᠷᠭᠠᠨ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠥᠷᠭᠡᠨ ᠤᠯᠠᠨ ᠤ | ᠰᠣᠶᠣᠯ ᠤᠨ ᠬᠡᠷᠡᠭᠴᠡᠭᠡ ᠶᠢ ᠬᠠᠩᠭᠠᠭᠰᠠᠨ ᠪᠠᠶᠢᠳᠠᠭ᠃ ᠲᠤᠬᠠᠶᠢᠯᠠᠪᠠᠯ᠂ 3 ᠲᠤᠰᠬᠠᠢ ᠰᠡᠳᠦᠪ ᠢᠶᠠᠷ 6 ᠳᠡᠯᠭᠡᠨ ᠦᠵᠡᠭᠦᠯᠭᠡ ᠬᠢᠵᠦ᠂ 20 ᠲᠡᠦᠬᠡᠨ ᠳᠤᠷᠠᠰᠬᠠᠯᠲᠤ | ᠵᠦᠢᠯᠡᠰ ᠢ ᠲᠠᠶᠢᠯᠪᠤᠷᠢᠯᠠᠨ ᠲᠠᠨᠢᠯᠴᠠᠭᠤᠯᠵᠤ᠂ ᠤᠯᠠᠨ ᠭᠡᠯᠪᠡᠷᠢ᠂ ᠤᠯᠠᠨ ᠬᠠᠷᠠᠭᠠᠰᠤ ᠠᠴᠠ ᠥᠪᠥᠷ ᠮᠣᠩᠭᠤᠯ ᠤᠨ ᠲᠡᠦᠬᠡ ᠰᠣᠶᠣᠯ ᠢ ᠲᠠᠶᠢᠯᠪᠤᠷᠢᠯᠠᠵᠤ᠂ ᠬᠤᠪᠣᠷ ᠨᠠᠨᠳᠢᠨ | ᠲᠡᠦᠬᠡᠨ ᠳᠤᠷᠠᠰᠬᠠᠯᠲᠤ ᠵᠦᠢᠯᠡᠰ ᠢ ᠪᠦᠭᠦ ᠤᠯᠤᠰ ᠤᠨ ᠦᠵᠡᠭᠴᠢᠳ ᠲᠤ ᠰᠣᠨᠢᠷᠬᠠᠭᠤᠯᠵᠠᠢ᠃ ᠪᠠᠰᠠ ᠲᠤᠭᠠᠴᠢᠯᠠᠭᠤᠯᠤᠯᠲᠠ ᠶᠢᠨ ᠡᠬᠢ ᠪᠠᠶᠠᠯᠢᠭ ᠢᠶᠠᠨ ᠠᠰᠢᠭᠯᠠᠨ᠂ | ᠰᠢᠨ᠎ᠡ ᠵᠠᠭᠤᠴᠢᠯᠠᠭᠤᠷ ᠪᠠ VR ᠮᠡᠷᠭᠡᠵᠢᠯ ᠢᠶᠠᠷ ᠲᠠᠮᠵᠢᠵᠦ᠂ ᠲᠦᠷᠪᠡᠨ ᠲᠣᠮᠣ ᠲᠦᠷᠦᠯ ᠤᠨ ᠲᠣᠭᠠᠴᠢᠯᠠᠭᠰᠠᠨ ᠦᠵᠡᠰᠭᠦᠯᠡᠩ ᠤᠨ ︽︿ᠡᠭᠦᠯᠡᠨ ᠠᠶᠠᠯᠠᠯ﹀ | ᠮᠦᠽᠧᠢ ᠶᠢᠨ ᠠᠰᠠᠭᠤᠯᠲᠠ ᠬᠠᠷᠢᠭᠤᠯᠲᠠ︾ ᠬᠡᠮᠡᠬᠦ ᠰᠦᠯᠵᠢᠶᠡᠨ ᠳᠡᠭᠡᠷᠡᠬᠢ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠪᠦᠭᠦ ᠤᠯᠤᠰ ᠤᠨ ᠦᠵᠡᠭᠴᠢᠳ ᠤᠨ | ᠳᠤᠮᠳᠠ ᠮᠠᠰᠢ ᠰᠠᠶᠢᠨ ᠲᠤᠰᠬᠠᠯ ᠭᠠᠷᠭᠠᠵᠠᠢ᠃ | ᠡᠨᠡ ᠵᠢᠯ ᠥᠪᠥᠷ ᠮᠣᠩᠭᠤᠯ ᠤᠨ ᠮᠦᠽᠧᠢ ᠶᠢᠨ ᠬᠦᠷᠢᠶᠡᠯᠡᠩ ᠨᠢ ᠳᠡᠯᠡᠬᠡᠢ ᠶᠢᠨ ᠮᠦᠽᠧᠢ ᠶᠢᠨ ᠡᠳᠦᠷ ᠤᠨ ᠭᠤᠣᠯ ᠰᠡᠳᠦᠪᠲᠦ ᠠᠵᠢᠯᠯᠠᠭ᠎ᠠ ᠪᠠᠨ ᠪᠦᠭᠦᠨ ᠢ | ᠰᠦᠯᠵᠢᠶᠡᠨ ᠳᠡᠭᠡᠷ᠎ᠡ ᠶᠠᠪᠤᠭᠳᠠᠭᠤᠯᠤᠭᠰᠠᠨ ᠨᠢ ᠴᠠᠭ ᠪᠠ ᠣᠷᠣᠨ ᠵᠠᠢ ᠶᠢᠨ ᠬᠢᠵᠠᠭᠠᠷᠯᠠᠯ ᠢ ᠳᠠᠪᠠᠵᠤ᠂ ᠲᠤᠮᠳᠠᠳᠦ ᠶᠢᠨ ᠦᠨᠳᠦᠰᠦᠲᠡᠨ ᠤ ᠰᠣᠶᠣᠯ ᠤᠨ ᠴᠢᠬᠤᠯᠠ | ᠪᠦᠷᠢᠯᠳᠦᠭᠦᠨ ᠬᠡᠰᠡᠭ ᠪᠤᠯᠬᠤ ᠲᠠᠯ᠎ᠠ ᠨᠤᠲᠤᠭ ᠤᠨ ᠰᠣᠶᠣᠯ ᠢ ᠰᠢᠰᠲ᠋ᠧᠮ ᠲᠠᠢ ᠤᠯᠠᠨ ᠬᠠᠷᠠᠭᠠᠰᠤ ᠠᠴᠠ ᠪᠦᠭᠦ ᠤᠯᠤᠰ᠂ ᠲᠡᠷᠡᠴᠢᠯᠡᠨ ᠪᠦᠭᠦ ᠳᠡᠯᠡᠬᠡᠢ ᠶᠢᠨ | ᠬᠥᠮᠥᠰ ᠤᠨ ᠬᠠᠷᠠᠭᠠᠨ ᠳᠤ ᠬᠦᠷᠭᠡᠵᠦ᠂ ᠦᠨᠳᠦᠰᠦᠲᠡᠨ ᠤ ᠬᠤᠭᠤᠷᠤᠨᠳᠦᠭᠢ ᠰᠣᠶᠣᠯ ᠤᠨ ᠣᠶᠢᠯᠠᠭᠠᠯᠴᠠᠯ ᠢ ᠠᠬᠢᠭᠤᠯᠵᠤ᠂ ᠰᠣᠶᠣᠯ ᠤᠨ ᠬᠠᠷᠢᠯᠴᠠᠭ᠎ᠠ ᠶᠢ | ᠨᠢᠭᠲᠠᠷᠠᠭᠤᠯᠬᠤ ᠳᠤ ᠢᠳᠡᠪᠬᠢ ᠦᠢᠯᠡᠳᠦᠯ ᠦᠵᠡᠭᠦᠯᠦᠭᠰᠡᠨ ᠪᠠᠶᠢᠨ᠎ᠠ᠃ | ᠰᠢᠨ᠎ᠡ ᠮᠡᠷᠭᠡᠵᠢᠯ ᠨᠢ ᠮᠦᠽᠧᠢ ᠶᠢᠨ ᠦᠵᠡᠭᠦᠯᠭᠡ ᠶᠢᠨ ᠭᠡᠯᠪᠡᠷᠢ ᠶᠢ ᠤᠯᠠᠨ ᠶᠠᠩᠵᠤ ᠶᠢᠨ ᠮᠥᠷᠲᠡᠭᠡᠨ ᠠᠮᠢᠳᠤᠯᠢᠭ ᠪᠤᠯᠭᠠᠬᠰᠠᠨ ᠪᠣᠯ᠂ ᠰᠢᠨ᠎ᠡ | ᠵᠠᠭᠤᠴᠢᠯᠠᠭᠤᠷ ᠢᠶᠠᠷ ︽ᠬᠦᠯᠦᠭᠯᠡᠭᠰᠡᠨ︾ ᠮᠦᠽᠧᠢ ᠨᠢ ᠬᠥᠮᠥᠰ ᠤᠨ ᠴᠠᠭ ᠣᠷᠣᠨ ᠵᠠᠢ ᠶᠢᠨ ᠬᠢᠵᠠᠭᠠᠷᠯᠠᠯ ᠢ ᠲᠡᠪᠡᠨ᠂ ᠡᠯ᠎ᠡ ᠦᠨᠳᠦᠰᠦᠲᠡᠨ ᠤ ᠲᠡᠦᠬᠡ ᠰᠣᠶᠣᠯ ᠢ | ᠣᠶᠢᠯᠠᠭᠠᠬᠤ ᠴᠢᠬᠤᠯᠠ ᠲᠠᠪᠴᠠᠩ ᠪᠣᠯᠵᠤ᠂ ᠦᠨᠳᠦᠰᠦᠲᠡᠨ ᠨᠦᠭᠦᠳ ᠤᠨ ᠡᠷᠬᠡ ᠲᠡᠭᠰᠢ ᠶᠠᠪᠤᠯᠴᠠᠨ᠂ ᠲᠡᠦᠬᠡ ᠰᠣᠶᠣᠯ ᠢᠶᠠᠨ ᠬᠠᠷᠢᠯᠴᠠᠨ ᠬᠦᠨᠳᠦᠳᠬᠡᠨ᠂ ᠪᠦᠯᠬᠦᠮᠳᠡᠨ | ᠲᠠᠪᠰᠢᠬᠤ ᠴᠢᠬᠤᠯᠠ ᠬᠦᠴᠦᠨ ᠪᠣᠯᠵᠤ ᠪᠠᠶᠢᠨ᠎ᠠ᠃ |